ᠨᠤᠯᠤᠤᠷ ᠤᠨ ᠦᠢᠯᠡᠳᠪᠦᠷᠢ ᠨᠦᠭᠦᠳ ᠲᠦ ᠳᠡᠮᠵᠢᠯᠭᠡ ᠦᠵᠡᠭᠦᠯᠦᠨ᠎ᠡ | News.MN

ᠨᠤᠯᠤᠤᠷ ᠤᠨ ᠦᠢᠯᠡᠳᠪᠦᠷᠢ ᠨᠦᠭᠦᠳ ᠲᠦ ᠳᠡᠮᠵᠢᠯᠭᠡ ᠦᠵᠡᠭᠦᠯᠦᠨ᠎ᠡ

ᠤᠯᠤᠰ ᠤᠨ ᠶᠡᠬᠡ ᠬᠤᠷᠠᠯ  ᠤᠨ ᠪᠠᠶᠢᠭᠠᠯᠢ ᠣᠷᠴᠢᠨ᠂ ᠬᠦᠨᠡᠰᠦ ᠬᠥᠳᠡᠭᠡ ᠠᠵᠤ ᠠᠬᠤᠢ ᠶᠢᠨ ᠪᠠᠶᠢᠩᠭᠤ ᠶᠢᠨ ᠬᠣᠷᠢᠶᠠᠨ ᠤ ᠭᠡᠰᠢᠭᠦᠳ ᠥᠨᠥᠳᠥᠷ  ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠍ ᠤ ᠠᠵᠢᠯ ᠲᠠᠢ ᠲᠠᠨᠢᠯᠴᠠᠯ᠎ᠠ ᠃ ᠰᠡᠭᠦᠯ ᠦᠨ 5 ᠵᠢᠯ ᠮᠠᠯ ᠤᠨ ᠲᠣᠭ᠎ᠠ ᠲᠣᠯᠣᠭᠠᠢ᠂ ᠮᠠᠯ ᠤᠨ ᠭᠠᠷᠤᠯᠲᠠᠢ ᠪᠦᠲᠦᠭᠡᠭᠳᠡᠬᠦᠨ ᠦ ᠲᠥᠷᠥᠯ ᠥᠰᠦᠭᠰᠡᠨ ᠲᠠᠯ᠎ᠠ ᠪᠠᠷ  ᠲᠤᠰ ᠶᠠᠮᠤᠨ ᠍ ᠤ ᠵᠢᠵᠢᠭ ᠳᠤᠮᠳᠠ ᠦᠢᠯᠡᠳᠪᠦᠷᠢ᠂ ᠬᠣᠷᠰᠢᠶᠠᠨ ᠤ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠶ∙ᠡᠷᠳᠡᠨᠢᠰᠠᠶᠢᠬᠠᠨ ᠲᠠᠨᠢᠯᠴᠠᠭᠤᠯᠤᠯ᠎ᠠ᠃ 2018 ᠣᠨ ᠳᠤ 93 ᠰᠠᠶ᠎ᠠ ᠯᠢᠲ᠋ᠷ ᠰᠦ᠂ ᠰᠦᠨ ᠪᠦᠲᠦᠭᠡᠭᠳᠡᠬᠦᠨ ᠦᠢᠯᠡᠳᠪᠦᠷᠢᠯᠡᠵᠡᠢ᠃ ᠡᠨᠡ ᠨᠢ ᠡᠮᠦᠨᠡᠬᠢ ᠣᠨ ᠤ ᠬᠢ ᠲᠠᠢ ᠬᠠᠷᠢᠴᠠᠭᠤᠯᠬᠤ ᠳᠤ 7.4 ᠬᠤᠪᠢ ᠪᠠᠷ ᠥᠰᠦᠭᠰᠡᠨ ᠦᠵᠡᠭᠦᠯᠦᠯᠲᠡ ᠠᠵᠠᠢ ᠃ ᠭᠠᠵᠠᠷ ᠲᠠᠷᠢᠶᠠᠯᠠᠩ ᠤᠨ ᠪᠦᠲᠦᠭᠡᠭᠳᠡᠬᠦᠨ ᠴᠤ ᠮᠥᠨ ᠥᠰᠦᠭᠰᠡᠨ ᠪᠥᠭᠡᠳ ᠲᠥᠮᠦᠰᠦᠨ ᠦ ᠬᠡᠷᠡᠭᠴᠡᠭᠡ ᠪᠡᠨ ᠳᠣᠲᠣᠭᠠᠳᠤ ᠳᠤ ᠪᠠᠨ 100 ᠬᠤᠪᠢ ᠬᠠᠩᠭᠠᠵᠤ ᠪᠠᠶᠢᠭ᠎ᠠ ᠨᠢ ᠡᠭᠦᠨ ᠦ ᠲᠣᠳᠣ ᠢᠯᠡᠷᠡᠯ ᠶᠤᠮ᠃
ᠤᠯᠤᠰ ᠤᠨ ᠶᠡᠬᠡ ᠬᠤᠷᠠᠯ  ᠤᠨ ᠪᠠᠶᠢᠭᠠᠯᠢ ᠣᠷᠴᠢᠨ᠂ ᠬᠦᠨᠡᠰᠦ ᠬᠥᠳᠡᠭᠡ ᠠᠵᠤ ᠠᠬᠤᠢ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠯ∙ᠡᠯᠳᠡᠪᠸᠴᠢᠷ ︽ᠪᠡᠯᠴᠢᠭᠡᠷ ᠦᠨ ᠲᠤᠬᠠᠢ︾ ᠬᠠᠤᠯᠢ ᠶᠢ ᠪᠠᠲᠤᠯᠠᠬᠤ ᠳᠤ ᠪᠠᠶᠢᠩᠭᠤ ᠶᠢᠨ ᠬᠣᠷᠢᠶᠠᠨ ᠤ ᠭᠡᠰᠢᠭᠦᠳ᠂ ᠠᠵᠢᠯ ᠤᠨ ᠪᠠᠭ ᠨᠤᠬᠤᠴᠠᠲᠠᠢ ᠬᠠᠨᠳᠤᠬᠤ ᠪᠣᠯᠤᠨ᠎ᠠ ᠭᠡᠯ᠎ᠡ᠃ ᠮᠥᠨ ᠬᠦᠮᠦᠨ ᠠᠮᠠ ᠶᠢᠨ 95 ᠬᠤᠪᠢ ᠨᠢ ᠠᠮᠢᠨ ᠳᠡᠮ ᠦᠨ ᠳᠤᠲᠠᠭᠳᠠᠯ ᠲᠠᠢ ᠪᠠᠶᠢᠭ᠎ᠠ ᠲᠤᠯᠠ ᠥᠩᠭᠡᠷᠡᠭᠰᠡᠨ ᠣᠨ ᠳᠤ ᠪᠠᠲᠤᠯᠠᠭᠰᠠᠨ ︽ ᠪᠠᠶᠠᠵᠢᠭᠤᠯᠤᠭᠰᠠᠨ ᠬᠦᠨᠡᠰᠦᠨ ᠦ ᠲᠤᠬᠠᠢ ︾ ᠬᠠᠤᠯᠢ ᠶᠢ ᠬᠡᠷᠡᠭᠵᠢᠭᠦᠯᠬᠦ ᠳᠦ ᠠᠩᠬᠠᠷᠴᠤ ᠠᠵᠢᠯᠯᠠᠬᠤ ᠶᠢ ᠰᠠᠨᠠᠭᠤᠯᠪᠠ᠃ ᠲᠡᠭᠦᠨᠴᠢᠯᠡᠨ ᠡᠨᠡ ᠵᠢᠯ ᠨᠤᠯᠤᠤᠷ ᠤᠨ ᠦᠢᠯᠡᠳᠪᠦᠷᠢ ᠨᠦᠭᠦᠳ ᠲᠦ 300 ᠲᠡᠷᠪᠤᠮ ᠲᠥᠭᠥᠷᠢᠭ ᠦᠨ ᠰᠠᠩᠬᠦᠦ ᠶᠢᠨ ᠳᠡᠮᠵᠢᠯᠭᠡ ᠣᠯᠭᠣᠬᠤ ᠲᠤᠯᠠ 2020 ᠣᠨ ᠳᠤ ᠨᠤᠯᠤᠤᠷ ᠤᠨ ᠦᠨ᠎ᠡ ᠶᠢ ᠪᠠᠭᠤᠷᠠᠭᠤᠯᠬᠤ ᠦᠭᠡᠢ ᠪᠠᠶᠢᠬᠤ ᠪᠣᠳᠣᠯᠭ᠎ᠠ ᠪᠠᠷᠢᠮᠲᠠᠯᠠᠬᠤ ᠶᠢ ᠵᠠᠬᠢᠪᠠ᠃ ᠮᠥᠨ ᠦᠶ᠎ᠡ ᠪᠡᠷ ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠍ ᠰᠠᠶᠢᠳ ᠴ∙ᠤᠯᠠᠭᠠᠨ ᠄ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢᠯᠡᠯ ᠦᠨ ᠰᠠᠯᠪᠤᠷᠢ ᠳᠤ 2019 ᠣᠨ ᠳᠤ ᠬᠢᠬᠦ ᠡᠷᠬᠡ ᠵᠦᠢ ᠶᠢᠨ ᠰᠢᠨᠡᠴᠢᠯᠡᠯ ᠳᠦ ᠨᠡᠩ ᠲᠦᠷᠦᠭᠦᠨ ᠳᠦ  ︽ᠪᠡᠯᠴᠢᠭᠡᠷ ᠦᠨ ᠲᠤᠬᠠᠢ ︾ ᠬᠠᠤᠯᠢ ᠬᠦᠯᠢᠶᠡᠭᠳᠡᠵᠦ ᠪᠠᠶᠢᠨ᠎ᠠ᠃ ᠪᠡᠯᠴᠢᠭᠡᠷ ᠴᠥᠯᠵᠢᠵᠦ᠂  ᠦᠯᠦ ᠶᠢᠨ ᠴᠠᠭᠠᠨ ᠣᠭᠣᠲᠣᠨ᠎ᠠ ᠤᠭᠵᠤᠮ ᠥᠰᠴᠦ᠂ ᠪᠡᠯᠴᠢᠭᠡᠷ ᠦᠨ ᠳᠣᠷᠣᠶᠢᠲᠠᠯ ᠡᠮᠵᠡᠭ ᠠᠰᠠᠭᠤᠳᠠᠯ ᠪᠣᠯᠤᠭᠠᠳ ᠪᠠᠶᠢᠭ᠎ᠠ᠃ ᠲᠡᠭᠦᠨᠴᠢᠯᠡᠨ ︽ᠲᠠᠷᠢᠮᠠᠯ ᠤᠷᠭᠤᠮᠠᠯ ᠤᠨ ᠦᠷ᠎ᠡ᠂ ᠰᠣᠷᠲ ᠤᠨ ᠲᠤᠬᠠᠢ︾ ᠬᠠᠤᠯᠢ ᠪᠣᠯᠤᠨ  ︽ᠵᠢᠵᠢᠭ ᠳᠤᠮᠳᠠ ᠦᠢᠯᠡᠳᠪᠦᠷᠢᠯᠡᠯ ᠦᠨ ᠲᠤᠬᠠᠢ︾ ᠬᠠᠤᠯᠢ ᠶᠢ ᠫᠠᠷᠯᠠᠮᠧᠨᠲ ᠪᠠᠲᠤᠯᠠᠨ᠎ᠠ ᠭᠡᠵᠦ ᠢᠲᠡᠭᠡᠵᠦ ᠪᠠᠶᠢᠨ᠎ᠠ᠃ ᠥᠩᠭᠡᠷᠡᠭᠰᠡᠨ ᠣᠨ ᠳᠤ ᠪᠠᠲᠤᠯᠠᠭᠰᠠᠨ  ︽ᠮᠠᠯ᠂ ᠠᠮᠢᠲᠠᠨ ᠤ ᠡᠷᠡᠭᠦᠯ ᠮᠡᠨᠳᠦ ᠶᠢᠨ ᠲᠤᠬᠠᠢ︾ ᠬᠠᠤᠯᠢ ᠶᠢ ᠬᠡᠷᠡᠭᠵᠢᠭᠦᠯᠬᠦ ᠳᠦ ᠠᠩᠬᠠᠷᠴᠤ᠂ ᠣᠷᠣᠰ  ᠲᠠᠢ  ︽ᠮᠣᠩᠭᠣᠯ ᠤᠨ ᠮᠠᠯ ᠢ ᠡᠷᠡᠭᠦᠯᠵᠢᠭᠦᠯᠬᠦ  ᠭᠤᠷᠪᠠᠳᠠᠬᠢ ᠱᠠᠲᠤᠨ ᠤ ᠬᠥᠲᠥᠯᠪᠦᠷᠢ ︾ ᠬᠡᠷᠡᠭᠵᠢᠭᠦᠯᠬᠦ ᠪᠣᠯᠤᠯ᠎ᠠ᠃ ᠲᠡᠭᠦᠨᠴᠢᠯᠡᠨ ᠤᠩᠭᠠᠷᠢ ᠤᠯᠤᠰ ᠤᠨ  ᠬᠢᠨ ᠲᠠᠢ ᠵᠥᠪᠰᠢᠯᠴᠡᠵᠦ᠂  ᠪᠢᠤ᠋ ᠺᠣᠮᠪᠢᠨᠠᠲ ᠤᠨ  ᠦᠷᠭᠡᠳᠬᠡᠯ  ᠦᠨ ᠲᠥᠰᠥᠯ ᠢ ᠡᠨᠡ ᠣᠨ ᠳᠤ ᠡᠬᠢᠯᠡᠭᠦᠯᠬᠦ ᠪᠣᠯᠤᠭᠰᠠᠨ ᠭᠡᠯ᠎ᠡ᠃

ᠰᠡᠳᠬᠢᠭᠳᠡᠯ ᠦᠯᠡᠳᠡᠭᠡᠬᠦ