︽ᠠᠷᠠᠳ ᠤᠨ ᠤᠷᠠᠯᠢᠭ ᠰᠤᠶᠤᠯ ᠢ ᠥᠪᠯᠡᠨ ᠳᠡᠯᠭᠡᠷᠡᠭᠦᠯᠬᠦ ᠰᠤᠷᠭᠠᠭᠤᠯᠢ ︾ ᠍ ᠪᠠᠷ ᠰᠢᠯᠭᠠᠷᠠᠵᠠᠢ | News.MN

︽ᠠᠷᠠᠳ ᠤᠨ ᠤᠷᠠᠯᠢᠭ ᠰᠤᠶᠤᠯ ᠢ ᠥᠪᠯᠡᠨ ᠳᠡᠯᠭᠡᠷᠡᠭᠦᠯᠬᠦ ᠰᠤᠷᠭᠠᠭᠤᠯᠢ ︾ ᠍ ᠪᠠᠷ ᠰᠢᠯᠭᠠᠷᠠᠵᠠᠢ

ᠪᠠᠶᠠᠨ-ᠥᠯᠥᠭᠡᠢ ᠠᠶᠢᠮᠠᠭ ᠤᠨ ᠵᠠᠰᠠᠭ ᠳᠠᠷᠤᠭ᠎ᠠ ᠶᠢᠨ ᠢᠪᠡᠭᠡᠯ ᠳᠣᠣᠷ᠎ᠠ ︽ᠢᠷᠡᠭᠡᠳᠦᠢ ᠶᠢᠨ ᠣᠳᠣᠳ︾ ᠬᠡᠦᠬᠡᠳ ᠦᠨ ᠤᠷᠠᠯᠢᠭ ᠤᠨ ᠶᠡᠬᠡ ᠨᠠᠭᠠᠳᠤᠮ ᠢ ᠡᠨᠡ ᠰᠠᠷ᠎ᠠ ᠶᠢᠨ 22 ᠍ ᠤ ᠡᠳᠦᠷ ᠥᠯᠥᠭᠡᠢ ᠬᠤᠲᠠ ᠳᠤ ᠵᠣᠬᠢᠶᠠᠨ ᠪᠠᠶᠢᠭᠤᠯᠤᠯ᠎ᠠ ᠃ ᠮᠣᠩᠭᠣᠯ᠂ ᠬᠠᠰᠠᠭ ᠤᠨ ᠠᠷᠠᠳ ᠲᠦᠮᠡᠨ ᠦ ᠥᠪ ᠰᠤᠶᠤᠯ ᠢ ᠲᠦᠭᠡᠭᠡᠨ ᠳᠡᠯᠭᠡᠷᠡᠭᠦᠯᠬᠦ᠂ ᠬᠡᠦᠬᠡᠳ ᠦᠳ ᠦᠨ ᠠᠪᠢᠶᠠᠰ ᠴᠢᠳᠠᠪᠤᠷᠢ ᠶᠢ ᠬᠥᠭᠵᠢᠭᠦᠯᠬᠦ᠂ ᠦᠨᠳᠦᠰᠦᠨ ᠦ ᠤᠷᠠᠯᠢᠭ᠂ ᠵᠠᠩ ᠵᠠᠩᠰᠢᠯ ᠢᠶᠠᠷ ᠢᠶᠠᠨ ᠪᠠᠬᠠᠷᠬᠠᠬᠤ ᠦᠵᠡᠯ ᠲᠥᠯᠦᠪᠰᠢᠭᠦᠯᠬᠦ ᠵᠣᠷᠢᠯᠭ᠎ᠠ ᠪᠠᠷ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠭᠡᠷ ᠪᠦᠯᠢ ᠬᠡᠦᠬᠡᠳ ᠵᠠᠯᠠᠭᠤᠴᠤᠳ ᠤᠨ ᠬᠥᠭᠵᠢᠯ ᠦᠨ ᠭᠠᠵᠠᠷ᠂ ᠪᠣᠯᠪᠠᠰᠤᠷᠠᠯ ᠰᠤᠶᠤᠯ ᠤᠷᠠᠯᠢᠭ ᠤᠨ ᠭᠠᠵᠠᠷ᠂ ᠬᠥᠭᠵᠢᠮᠲᠦ ᠳ᠋ᠷᠠᠮ ᠤᠨ ᠲᠢᠶᠠᠲ᠋ᠷ᠂ ︽ᠳᠡᠯᠡᠬᠡᠢ ᠶᠢᠨ ᠵᠥᠩ-ᠮᠣᠩᠭᠣᠯ ︾ ᠣᠯᠠᠨ ᠤᠯᠤᠰ ᠤᠨ ᠪᠠᠶᠢᠭᠤᠯᠤᠯᠭ᠎ᠠ ᠶᠢᠨ ᠣᠷᠣᠨ ᠨᠤᠲᠤᠭ ᠤᠨ ᠬᠥᠲᠥᠯᠪᠦᠷᠢ ᠬᠠᠮᠲᠤᠷᠠᠨ ᠵᠣᠬᠢᠶᠠᠨ ᠪᠠᠶᠢᠭᠤᠯᠤᠭᠰᠠᠨ ᠤᠷᠠᠯᠢᠭ ᠤᠨ ᠨᠠᠭᠠᠳᠤᠮ ᠳᠤ ᠲᠤᠰ ᠠᠶᠢᠮᠠᠭ ᠤᠨ ᠶᠡᠷᠦᠩᠬᠡᠢ ᠪᠣᠯᠪᠠᠰᠤᠷᠠᠯ ᠤᠨ 23 ᠰᠤᠷᠭᠠᠭᠤᠯᠢ ᠠᠴᠠ 420 ᠰᠤᠷᠤᠭᠴᠢ ᠣᠷᠣᠯᠴᠠᠵᠠᠢ᠃ ᠣᠷᠣᠯᠴᠠᠭᠴᠢᠳ ᠳᠠᠭᠤᠤ᠂ ᠪᠦᠵᠢᠭ᠂ ᠬᠥᠭᠵᠢᠮ᠂ ᠢᠵᠠᠭᠤᠷ ᠤᠷᠠᠯᠢᠭ ᠤᠨ ᠲᠥᠷᠥᠯ ᠢᠶᠡᠷ ᠠᠪᠢᠶᠠᠰ ᠴᠢᠳᠠᠪᠤᠷᠢ ᠪᠠᠨ ᠰᠣᠷᠢᠨ ᠥᠷᠢᠰᠦᠯᠳᠦᠭᠰᠡᠨ ᠪᠠᠶᠢᠨ᠎ᠠ᠃
ᠨᠡᠶᠢᠯᠡᠪᠦᠷᠢ  ᠳ᠋ᠦᠩ ᠢᠶᠡᠷ ᠪᠤᠯᠠᠭᠠᠨ ᠰᠤᠮᠤ ᠶᠢᠨ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠶᠢᠨ ᠰᠤᠷᠤᠭᠴᠢᠳ ᠲᠡᠷᠢᠭᠦᠯᠡᠵᠦ ︽ᠠᠷᠠᠳ ᠤᠨ ᠤᠷᠠᠯᠢᠭ ᠰᠤᠶᠤᠯ ᠢ ᠥᠪᠯᠡᠨ ᠳᠡᠯᠭᠡᠷᠡᠭᠦᠯᠬᠦ ᠰᠤᠷᠭᠠᠭᠤᠯᠢ︾ ᠪᠠᠷ ᠲᠣᠳᠣᠷᠠᠵᠠᠢ᠃ ᠡᠨᠡ ᠤᠳᠠᠭ᠎ᠠ ᠶᠢᠨ ᠲᠡᠮᠡᠴᠡᠭᠡᠨ ᠳᠦ ᠰᠢᠯᠭᠠᠷᠠᠭᠰᠠᠨ ᠰᠤᠷᠤᠭᠴᠢᠳ ᠢᠷᠡᠬᠦ ᠰᠠᠷ᠎ᠠ ᠳᠤ ᠭᠣᠪᠢ ᠠᠯᠲᠠᠢ ᠠᠶᠢᠮᠠᠭ ᠲᠤ ᠪᠣᠯᠬᠤ ᠪᠠᠷᠠᠭᠤᠨ ᠪᠥᠰᠡ ᠶᠢᠨ ᠬᠡᠦᠬᠡᠳ ᠦᠨ ᠤᠷᠠᠯᠢᠭ ᠤᠨ ᠶᠡᠬᠡ ᠨᠠᠭᠠᠳᠤᠮ ᠳᠤ ᠤᠷᠤᠯᠴᠠᠬᠤ  ᠶᠤᠮ ᠃

ᠰᠡᠳᠬᠢᠭᠳᠡᠯ ᠦᠯᠡᠳᠡᠭᠡᠬᠦ