ᠵᠦᠪᠯᠡᠬᠦ ᠲᠥᠰᠥᠯ ᠦᠨ ᠮᠧᠨᠧᠵᠮᠧᠨᠲ ᠦᠨ ᠭᠡᠷ᠎ᠡ ᠶᠢ ᠡᠴᠦᠰᠯᠡᠨ᠎ᠡ | News.MN

ᠵᠦᠪᠯᠡᠬᠦ ᠲᠥᠰᠥᠯ ᠦᠨ ᠮᠧᠨᠧᠵᠮᠧᠨᠲ ᠦᠨ ᠭᠡᠷ᠎ᠡ ᠶᠢ ᠡᠴᠦᠰᠯᠡᠨ᠎ᠡ

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠮ∙ᠫ∙ᠰᠢᠩᠾ ᠪᠣᠯᠤᠨ  ︽ᠢᠨᠵᠧᠨᠧᠷᠰ ᠢᠨᠳᠢᠶᠠ  ᠯᠢᠮᠢᠲᠸᠳ᠋︾ ᠺᠣᠮᠫᠠᠨᠢ ᠶᠢᠨ ᠰᠠᠩᠬᠦᠦ ᠬᠠᠷᠢᠭᠤᠴᠠᠭᠰᠠᠨ ᠵᠠᠬᠢᠷᠤᠯ ᠷ∙ ᠺ∙ᠰᠠᠪᠾᠠᠷᠸᠠᠯ ᠨᠠᠷ ᠢ ᠥᠨᠥᠳᠥᠷ ᠬᠦᠯᠢᠶᠡᠨ ᠠᠪᠴᠤ ᠠᠭᠤᠯᠵᠠᠪᠠ᠃
ᠡᠨᠡᠳᠬᠡᠭ  ᠤᠨ ᠨᠢᠭᠡ ᠲᠡᠷᠪᠤᠮ ᠳ᠋ᠣᠯᠯᠠᠷ ᠤᠨ ᠵᠢᠭᠡᠯᠡ ᠪᠡᠷ ᠭᠠᠵᠠᠷ ᠤᠨ ᠲᠣᠰᠤᠨ ᠤ ᠦᠢᠯᠡᠳᠪᠦᠷᠢ ᠪᠠᠶᠢᠭᠤᠯᠬᠤ ᠳᠤ ᠵᠦᠪᠯᠡᠬᠦ ᠦᠢᠯᠡᠴᠢᠯᠡᠭᠡ ᠦᠵᠡᠭᠦᠯᠬᠦ ᠲᠥᠰᠥᠯ ᠦᠨ ᠮᠧᠨᠧᠵᠮᠧᠨᠲ ᠦᠨ ᠭᠡᠷ᠎ᠡ ᠶᠢ ᠣᠶᠢᠷ᠎ᠠ ᠶᠢᠨ ᠬᠤᠭᠤᠴᠠᠭᠠᠨ ᠳᠤ ᠡᠴᠦᠰᠯᠡᠬᠦ ᠱᠠᠭᠠᠷᠳᠠᠯᠭ᠎ᠠ ᠲᠠᠢ ᠪᠠᠶᠢᠭ᠎ᠠ ᠶᠢ ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠣᠨᠴᠠᠯᠠᠪᠠ᠃ ᠠᠭᠤᠯᠵᠠᠯᠲᠠ ᠪᠠᠷ ᠳᠡᠭᠡᠷᠡᠬᠢ ᠭᠡᠷ᠎ᠡ ᠶᠢ ᠪᠠᠶᠢᠭᠤᠯᠬᠤ ᠳᠤ ᠲᠤᠯᠭᠠᠷᠠᠭᠠᠳ ᠪᠤᠢ ᠵᠠᠷᠢᠮ ᠠᠰᠠᠭᠤᠳᠠᠯ ᠳᠤ ᠲᠠᠯ᠎ᠠ ᠨᠤᠭᠤᠳ ᠨᠢᠭᠡᠳᠦᠭᠰᠡᠨ ᠪᠠᠶᠢᠷᠢ ᠰᠠᠭᠤᠷᠢ ᠳᠤ ᠬᠦᠷᠴᠦ᠂ ᠴᠢᠨᠠᠭᠰᠢᠳᠠ ᠶᠠᠷᠢᠶ᠎ᠠ ᠬᠡᠯᠡᠯᠴᠡᠭᠡ ᠶᠢ ᠡᠷᠴᠢᠮᠵᠢᠭᠦᠯᠬᠦ ᠪᠡᠷ ᠲᠣᠭᠲᠠᠪᠠ ᠃ ᠡᠨᠡ ᠦᠶ᠎ᠡ ᠪᠡᠷ ᠷ∙ ᠺ∙ᠰᠠᠪᠾᠠᠷᠸᠠᠯ ᠄ ᠡᠨᠡ ᠤᠳᠠᠭ᠎ᠠ ᠶᠢᠨ ᠶᠠᠷᠢᠶ᠎ᠠ ᠬᠡᠯᠡᠯᠴᠡᠭᠡ ᠶᠡᠬᠡᠬᠡᠨ ᠦᠷ᠎ᠡ ᠳ᠋ᠦᠩ ᠲᠡᠢ ᠪᠣᠯᠤᠭᠰᠠᠨ᠃ ᠭᠠᠵᠠᠷ ᠤᠨ ᠲᠣᠰᠤᠨ ᠤ ᠦᠢᠯᠡᠳᠪᠦᠷᠢ ᠪᠠᠶᠢᠭᠤᠯᠬᠤ ᠠᠵᠢᠯ ᠢ ᠲᠦᠷᠭᠡᠰᠬᠡᠬᠦ ᠪᠡᠷ ᠮᠣᠩᠭᠣᠯ ᠤᠨ ᠲᠠᠯ᠎ᠠ ᠶᠢᠨ ᠰᠠᠨᠠᠯ ᠰᠠᠨᠠᠭᠠᠴᠢᠯᠠᠭ᠎ᠠ᠂ ᠬᠦᠴᠦᠨ ᠴᠢᠷᠮᠠᠶᠢᠯᠲᠠ ᠶᠢ ᠲᠠᠯᠠᠷᠬᠠᠨ ᠬᠦᠯᠢᠶᠡᠵᠦ ᠠᠪᠴᠤ ᠪᠠᠶᠢᠨ᠎ᠠ ᠭᠡᠯ᠎ᠡ ᠃

ᠰᠡᠳᠬᠢᠭᠳᠡᠯ ᠦᠯᠡᠳᠡᠭᠡᠬᠦ