ᠰᠲᠷᠠᠲ᠋ᠧᠭᠢ ᠶᠢᠨ ᠲᠦᠩᠰᠢᠯᠡᠯ ᠢ ᠪᠠᠲᠤᠯᠠᠨ ᠬᠠᠮᠠᠭᠠᠯᠠᠬᠤ ᠰᠠᠯᠪᠤᠷᠢ ᠳᠤ ᠪᠡᠬᠢᠵᠢᠭᠦᠯᠦᠨ᠎ᠡ | News.MN

ᠰᠲᠷᠠᠲ᠋ᠧᠭᠢ ᠶᠢᠨ ᠲᠦᠩᠰᠢᠯᠡᠯ ᠢ ᠪᠠᠲᠤᠯᠠᠨ ᠬᠠᠮᠠᠭᠠᠯᠠᠬᠤ ᠰᠠᠯᠪᠤᠷᠢ ᠳᠤ ᠪᠡᠬᠢᠵᠢᠭᠦᠯᠦᠨ᠎ᠡ

ᠮᠣᠩᠭᠣᠯ ᠶᠠᠫᠣᠨ ᠤ ᠭᠠᠳᠠᠭᠠᠳᠤ ᠬᠠᠷᠢᠯᠴᠠᠭ᠎ᠠ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ ᠶᠢᠨ ᠠᠰᠠᠭᠤᠳᠠᠯ ᠡᠷᠬᠢᠯᠡᠭᠰᠡᠨ ᠪᠠᠶᠢᠭᠤᠯᠤᠯᠭ᠎ᠠ ᠨᠤᠭᠤᠳ ᠤᠨ ᠲᠠᠪᠤᠳᠤᠭᠠᠷ ᠵᠥᠪᠯᠡᠯᠳᠦᠬᠦ ᠠᠭᠤᠯᠵᠠᠯᠲᠠ ᠡᠨᠡ ᠰᠠᠷ᠎ᠠ ᠶᠢᠨ 24 ᠍ ᠳᠦ ᠲᠤᠤᠺᠢᠤ᠋ ᠬᠤᠲᠠ ᠳᠤ ᠪᠣᠯᠤᠨ᠎ᠠ᠃ ᠵᠥᠪᠯᠡᠯᠳᠦᠬᠦ ᠠᠭᠤᠯᠵᠠᠯᠲᠠ ᠶᠢ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠭᠠᠵᠠᠷ ᠤᠨ ᠵᠠᠬᠢᠷᠤᠯ ᠡ᠊∙ᠰᠠᠷᠠᠨᠲ᠋ᠣᠭᠣᠰ᠂ ᠶᠠᠫᠣᠨ ᠤ ᠲᠠᠯ᠎ᠠ ᠠᠴᠠ  ᠭᠠᠳᠠᠭᠠᠳᠤ ᠬᠠᠷᠢᠯᠴᠠᠭᠠᠨ ᠤ ᠶᠠᠮᠤᠨ ᠤ ᠠᠽᠢᠶ᠎ᠠ ᠨᠣᠮᠣᠬᠠᠨ ᠳᠠᠯᠠᠢ ᠶᠢᠨ ᠭᠠᠵᠠᠷ ᠤᠨ ᠶᠡᠷᠦᠩᠬᠡᠢ ᠵᠠᠬᠢᠷᠤᠯ ᠺ∙ᠺᠠᠨᠡᠰᠦᠭᠢ ᠠᠬᠠᠯᠠᠨ᠎ᠠ ᠃
ᠠᠭᠤᠯᠵᠠᠯᠲᠠ ᠪᠠᠷ ᠮᠣᠩᠭᠣᠯ᠂ ᠶᠠᠫᠣᠨ ᠤ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠤᠯᠤᠰ ᠲᠥᠷᠥ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ ᠶᠢᠨ ᠰᠠᠯᠪᠤᠷᠢ ᠳᠤ ᠪᠡᠬᠢᠵᠢᠭᠦᠯᠬᠦ᠂ ᠣᠯᠠᠨ ᠤᠯᠤᠰ᠂ ᠪᠥᠰᠡ ᠨᠤᠲᠤᠭ ᠤᠨ ᠵᠠᠷᠢᠮ ᠠᠰᠠᠭᠤᠳᠠᠯ ᠢᠶᠠᠷ ᠮᠡᠳᠡᠭᠡᠯᠡᠯ᠂ ᠰᠠᠨᠠᠯ ᠰᠣᠯᠢᠯᠴᠠᠨ᠎ᠠ ᠃ ᠬᠣᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ ᠠᠰᠠᠭᠤᠳᠠᠯ ᠡᠷᠬᠢᠯᠡᠭᠰᠡᠨ ᠪᠠᠶᠢᠭᠤᠯᠤᠯᠭ᠎ᠠ ᠬᠣᠭᠣᠷᠣᠨᠳᠣ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ 2013 ᠣᠨ ᠤ ᠨᠢᠭᠡᠳᠦᠭᠡᠷ ᠰᠠᠷ᠎ᠠ ᠳᠤ ᠲᠤᠤᠺᠢᠤ᠋ ᠂ ᠬᠤᠶᠠᠳᠤᠭᠠᠷ ᠠᠭᠤᠯᠵᠠᠯᠲᠠ ᠶᠢ 2014 ᠣᠨ ᠤ 12 ᠳ᠋ᠤᠭᠠᠷ ᠰᠠᠷ᠎ᠠ ᠳᠤ ᠤᠯᠠᠭᠠᠨᠪᠠᠭᠠᠲᠤᠷ᠂  ᠭᠤᠷᠪᠠᠳᠤᠭᠠᠷ ᠠᠭᠤᠯᠵᠠᠯᠲᠠ ᠶᠢ 2016 ᠣᠨ ᠤ ᠨᠢᠭᠡᠳᠦᠭᠡᠷ ᠰᠠᠷ᠎ᠠ ᠳᠤ ᠲᠤᠤᠺᠢᠤ᠋ ᠂  ᠳᠦᠷᠪᠡᠳᠦᠭᠡᠷ ᠠᠭᠤᠯᠵᠠᠯᠲᠠ ᠶᠢ 2017 ᠣᠨ ᠤ 8 ᠳ᠋ᠤᠭᠠᠷ ᠰᠠᠷ᠎ᠠ ᠳᠤ ᠤᠯᠠᠭᠠᠨᠪᠠᠭᠠᠲᠤᠷ  ᠬᠤᠲᠠ ᠳᠤ ᠵᠣᠬᠢᠶᠠᠨ ᠪᠠᠶᠢᠭᠤᠯᠵᠤ ᠪᠠᠶᠢᠪᠠ᠃

ᠰᠡᠳᠬᠢᠭᠳᠡᠯ ᠦᠯᠡᠳᠡᠭᠡᠬᠦ