ᠮᠣᠩᠭᠣᠯ ᠳ᠋ᠥ ᠴᠡᠷᠢᠭ ᠲᠧᠭᠨᠢᠭ ᠦᠨ ᠲᠤᠰᠠᠯᠠᠮᠵᠢ ᠦᠵᠡᠭᠦᠯᠦᠨ᠎ᠡ | News.MN

ᠮᠣᠩᠭᠣᠯ ᠳ᠋ᠥ ᠴᠡᠷᠢᠭ ᠲᠧᠭᠨᠢᠭ ᠦᠨ ᠲᠤᠰᠠᠯᠠᠮᠵᠢ ᠦᠵᠡᠭᠦᠯᠦᠨ᠎ᠡ

ᠣᠷᠣᠰ ᠤᠨ ᠬᠣᠯᠪᠣᠭᠠᠨ ᠤ ᠤᠯᠤᠰ ᠤᠨ ᠪᠠᠲᠤᠯᠠᠨ ᠬᠠᠮᠠᠭᠠᠯᠠᠬᠤ ᠶᠠᠮᠤᠨ ᠠᠴᠠ ᠣᠯᠠᠨ ᠤᠯᠤᠰ ᠤᠨ  ᠠᠶᠦᠯᠭᠦᠢ ᠪᠠᠶᠢᠳᠠᠯ ᠤᠨ ᠠᠰᠠᠭᠤᠳᠠᠯ ᠢᠶᠠᠷ ᠵᠢᠯ ᠪᠦᠷᠢ ᠵᠣᠬᠢᠶᠠᠨ ᠪᠠᠶᠢᠭᠤᠯᠳᠠᠭ ᠡᠭᠡᠯᠵᠢᠲᠦ ᠪᠠᠭ᠎ᠠ ᠬᠤᠷᠠᠯ ᠨᠠᠢᠮᠠᠳᠠᠬᠢ  ᠤᠳᠠᠭ᠎ᠠ ᠪᠠᠨ ᠪᠣᠯᠵᠤ ᠪᠠᠶᠢᠨ᠎ᠠ᠃ ᠬᠤᠷᠠᠯ ᠳᠤ ᠭᠠᠳᠠᠭᠠᠳᠤ ᠤᠯᠤᠰ ᠤᠳ ᠤᠨ ᠪᠠᠲᠤᠯᠠᠨ ᠬᠠᠮᠠᠭᠠᠯᠠᠬᠤ ᠶᠢᠨ ᠰᠠᠶᠢᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠨᠠᠷ᠂ ᠡᠷᠳᠡᠮ ᠰᠢᠨᠵᠢᠯᠡᠭᠡᠨ ᠰᠤᠳᠤᠯᠭᠠᠨ ᠤ ᠪᠠᠶᠢᠭᠤᠯᠤᠯᠭ᠎ᠠ ᠶᠢᠨ ᠰᠤᠳᠤᠯᠤᠭᠠᠴᠢ᠂ ᠰᠢᠨᠵᠢᠭᠡᠴᠢᠳ᠂ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ᠂ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ᠂ ᠲᠤᠰᠠᠭᠠᠷ ᠤᠯᠤᠰ ᠤᠳ ᠤᠨ ᠬᠠᠮᠲᠤ ᠶᠢᠨ ᠨᠥᠬᠥᠷᠯᠡᠯ᠂ ᠬᠠᠮᠲᠤ ᠶᠢᠨ ᠠᠶᠤᠯᠭᠦᠢ ᠪᠠᠶᠢᠳᠠᠯ ᠤᠨ ᠭᠡᠷ᠎ᠡ ᠶᠢᠨ ᠪᠠᠶᠢᠭᠤᠯᠤᠯᠭ᠎ᠠ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ᠂ ᠣᠯᠠᠨ ᠤᠯᠤᠰ ᠤᠨ ᠤᠯᠠᠭᠠᠨ ᠵᠠᠭᠠᠯᠮᠠᠢ ᠶᠢᠨ ᠬᠣᠷᠢᠶ᠎ᠠ ᠵᠡᠷᠭᠡ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠪᠦᠬᠦᠢ 111 ᠣᠷᠣᠨ ᠤ 1000 ᠭᠠᠷᠤᠢ ᠲᠥᠯᠥᠭᠡᠯᠡᠭᠴᠢ ᠣᠷᠣᠯᠴᠠᠵᠤ ᠪᠠᠶᠢᠨ᠎ᠠ᠃
ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠪᠠᠭ᠎ᠠ ᠬᠤᠷᠠᠯ ᠳᠤ ᠤᠷᠤᠯᠴᠠᠬᠤ ᠦᠶ᠎ᠡ ᠪᠡᠷ ᠢᠶᠡᠨ᠂ ᠣᠷᠣᠰ ᠤᠨ ᠬᠣᠯᠪᠣᠭᠠᠨ ᠤ ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ ᠰ∙ᠱᠤᠶᠢᠭᠤ᠋ ᠲᠠᠢ ᠠᠭᠤᠯᠵᠠᠯᠲᠠ ᠬᠢᠵᠦ᠂ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠠᠰᠠᠭᠤᠳᠠᠯ ᠤᠳ ᠢᠶᠠᠷ ᠰᠠᠨᠠᠯ ᠰᠣᠯᠢᠯᠴᠠᠵᠠᠢ᠃ ᠠᠭᠤᠯᠵᠠᠯᠲᠠ ᠪᠠᠷ ᠰ∙ᠱᠤᠶᠢᠭᠤ᠋ ᠮᠣᠩᠭᠣᠯ ᠤᠯᠤᠰ ᠲᠤ ᠴᠡᠷᠢᠭ ᠲᠧᠭᠨᠢᠭ ᠦᠨ ᠪᠤᠴᠠᠯᠲᠠ ᠦᠭᠡᠢ ᠲᠤᠰᠠᠯᠠᠮᠵᠢ ᠦᠵᠡᠭᠦᠯᠬᠦ ᠲᠤᠬᠠᠢ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠦᠨ ᠦᠢᠯᠡᠴᠢᠯᠡᠯ ᠢ ᠤᠷᠲᠤ ᠬᠤᠭᠤᠴᠠᠭ᠎ᠠ ᠪᠠᠷ ᠰᠡᠷᠭᠦᠭᠡᠬᠦ ᠪᠡᠷ ᠠᠵᠢᠯᠯᠠᠵᠤ ᠪᠠᠶᠢᠭ᠎ᠠ ᠲᠤᠬᠠᠢ ᠮᠡᠳᠡᠭᠡᠯᠡᠭᠡᠳ᠂ ᠬᠠᠯᠬ᠎ᠠ ᠶᠢᠨ ᠭᠣᠣᠯ ᠤᠨ ᠪᠠᠶᠢᠯᠳᠤᠭᠠᠨ ᠤ ᠢᠯᠠᠯᠲᠠ ᠶᠢᠨ 80 ᠵᠢᠯ ᠦᠨ ᠣᠢ ᠶᠢ ᠲᠡᠮᠳᠡᠭᠯᠡᠬᠦ ᠬᠦᠷᠢᠶᠡᠨ ᠳᠦ ᠣᠷᠣᠰ ᠤᠨ ᠠᠷᠮᠢ ᠶᠢᠨ ᠠᠯᠸᠺᠰᠠᠨᠳ᠋ᠷᠤᠪ  ᠤᠨ ᠨᠡᠷᠡᠮᠵᠢᠲᠦ ᠳᠠᠭᠤᠤ ᠪᠦᠵᠢᠭ ᠦᠨ ᠡᠷᠳᠡᠮ ᠦᠨ ᠴᠢᠭᠤᠯᠭ᠎ᠠ᠂ ᠤᠷᠠᠨ ᠨᠢᠰᠦᠯᠭᠡ ᠶᠢᠨ ᠦᠵᠡᠭᠦᠯᠪᠦᠷᠢ ᠶᠢᠨ ︽ᠰᠲᠷᠢᠵᠢ︾ ᠨᠢᠰᠬᠦ ᠪᠠᠭ ᠢ ᠣᠷᠤᠯᠴᠠᠭᠤᠯᠬᠤ ᠪᠠᠨ ᠪᠠᠲᠤᠯᠠᠭᠠᠵᠢᠭᠤᠯᠤᠭᠰᠠᠨ ᠪᠠᠶᠢᠨ᠎ᠠ᠃

ᠨ∙ᠡᠩᠬᠡᠪᠣᠯᠤᠳ ᠡᠨᠡ ᠣᠢ ᠶᠢ ᠤᠭᠲᠤᠵᠤ ᠳᠣᠷᠣᠨᠠᠲᠤ ᠠᠶᠢᠮᠠᠭ ᠤᠨ ᠬᠠᠯᠬ᠎ᠠ ᠰᠤᠮᠤ ᠶᠢ ᠣᠷᠣᠰ ᠤᠯᠤᠰ ᠤᠨ ᠲᠤᠰᠠᠯᠠᠮᠵᠢ ᠪᠠᠷ ᠵᠢᠱᠢᠭ ᠰᠤᠮᠤ ᠪᠣᠯᠭᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠠᠮᠵᠢᠯᠲᠠ ᠲᠠᠢ ᠶᠠᠪᠤᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠭᠡᠳ ᠣᠢ ᠶᠢᠨ ᠪᠠᠶᠠᠷ ᠲᠤ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠫᠦᠲ᠋ᠢᠨ ᠣᠷᠣᠯᠴᠠᠨ᠎ᠠ ᠭᠡᠵᠦ ᠨᠠᠶᠢᠳᠠᠵᠤ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃ ᠮᠥᠨ ᠮᠣᠩᠭᠣᠯ ᠤᠯᠤᠰ ᠲᠠᠢ ᠬᠢᠯᠢ ᠵᠠᠯᠭᠠᠭ᠎ᠠ ᠴᠡᠷᠢᠭ ᠦᠨ ᠲᠣᠭᠣᠷᠢᠭ ᠤᠳ ᠤᠨ ᠬᠠᠮᠲᠤ ᠶᠢᠨ ᠠᠵᠢᠯᠯᠠᠭᠠᠨ ᠤ ᠤᠯᠠᠮᠵᠢᠯᠠᠯ ᠢ ᠰᠡᠷᠭᠦᠭᠡᠵᠦ ᠂ ᠣᠷᠣᠰ  ᠤᠨ ᠳᠣᠷᠣᠨᠠᠲᠤ ᠶᠢᠨ ᠴᠡᠷᠢᠭ ᠦᠨ ᠲᠣᠭᠣᠷᠢᠭ ᠮᠣᠩᠭᠣᠯ ᠤᠯᠤᠰ ᠤᠨ ᠵᠡᠪᠰᠡᠭᠲᠦ ᠬᠦᠴᠦᠨ ᠦ ᠬᠠᠮᠲᠤ ᠶᠢᠨ ᠠᠵᠢᠯᠯᠠᠭ᠎ᠠ ᠶᠢ ᠳᠡᠮᠵᠢᠬᠦ ᠪᠡᠨ ᠰᠠᠶᠢᠳ ᠰ∙ᠱᠤᠶᠢᠭᠤ᠋ ᠢᠯᠡᠷᠬᠡᠶᠢᠯᠡᠭᠡᠳ ᠲᠤᠰ ᠲᠣᠭᠣᠷᠢᠭ ᠤᠨ ᠺᠣᠮᠠᠨᠳᠠᠯᠠᠭᠴᠢ ᠳᠡᠰᠯᠡᠭᠴᠢ ᠭᠧᠨᠧᠷᠠᠯ ᠭ∙ᠵᠢᠳ᠋ᠺᠤ ᠣᠶᠢᠷ᠎ᠠ ᠶᠢᠨ ᠦᠶ᠎ᠡ ᠳᠦ ᠮᠣᠩᠭᠣᠯ ᠤᠯᠤᠰ ᠲᠤ ᠠᠶᠢᠯᠴᠢᠯᠠᠬᠤ ᠶᠢ ᠨᠣᠲᠠᠯᠠᠪᠠ᠃

ᠰᠡᠳᠬᠢᠭᠳᠡᠯ ᠦᠯᠡᠳᠡᠭᠡᠬᠦ