ᠬᠣᠪᠳᠣ ᠬᠢᠲᠠᠳ ᠤᠨ ᠠᠨ ᠬᠤᠢ ᠮᠤᠵᠢ ᠲᠠᠢ ᠬᠠᠮᠲᠤᠷᠠᠨ ᠠᠵᠢᠯᠯᠠᠨ᠎ᠠ | News.MN

ᠬᠣᠪᠳᠣ ᠬᠢᠲᠠᠳ ᠤᠨ ᠠᠨ ᠬᠤᠢ ᠮᠤᠵᠢ ᠲᠠᠢ ᠬᠠᠮᠲᠤᠷᠠᠨ ᠠᠵᠢᠯᠯᠠᠨ᠎ᠠ

ᠬᠣᠪᠳᠣ ᠠᠶᠢᠮᠠᠭ ᠤᠨ ᠭᠠᠳᠠᠭᠠᠳᠤ ᠬᠠᠷᠢᠯᠴᠠᠭ᠎ᠠ ᠥᠷᠭᠡᠵᠢᠵᠦ ᠪᠠᠶᠢᠨ᠎ᠠ᠃ ᠪᠡᠭᠡᠵᠢᠩ ᠬᠣᠲᠠ ᠶᠢᠨ ᠠᠷᠠᠳ ᠤᠨ ᠵᠠᠰᠠᠭ ᠤᠨ ᠭᠠᠵᠠᠷ ᠠᠴᠠ ︽ᠨᠢᠭᠡ ᠪᠥᠰᠡ᠂ ᠨᠢᠭᠡ ᠵᠠᠮ︾ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠭᠡᠳᠦ ᠬᠡᠮᠵᠢᠶᠡᠨ ᠦ ᠴᠢᠭᠤᠯᠭ᠎ᠠ ᠠᠭᠤᠯᠵᠠᠯᠲᠠ ᠵᠣᠬᠢᠶᠠᠨ ᠪᠠᠶᠢᠭᠤᠯᠵᠠᠢ᠃ ᠲᠤᠰ ᠴᠢᠭᠤᠯᠭ᠎ᠠ ᠠᠭᠤᠯᠵᠠᠯᠲᠠ ᠳᠤ ᠬᠣᠪᠳᠣ ᠠᠶᠢᠮᠠᠭ ᠤᠨ ᠵᠠᠰᠠᠭ ᠳᠠᠷᠤᠭ᠎ᠠ ᠪ∙ᠳᠦᠭᠦᠷᠵᠠᠪ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠣᠷᠣᠯᠴᠠᠵᠤ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠠᠨ ᠬᠤᠢ ᠮᠤᠵᠢ ᠲᠠᠢ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠬᠢᠵᠦ᠂ ᠭᠡᠷ᠎ᠡ ᠳᠦ ᠭᠠᠷ ᠤᠨ ᠦᠰᠦᠭ ᠵᠢᠷᠤᠭᠰᠠᠨ ᠪᠠᠶᠢᠨ᠎ᠠ᠃
ᠡᠨᠡᠬᠦ ᠭᠡᠷ᠎ᠡ ᠶᠢᠨ ᠬᠦᠷᠢᠶᠡᠨ ᠳᠦ ᠣᠷᠣᠨ ᠨᠤᠲᠤᠭ ᠤᠨ ᠵᠠᠰᠠᠭ ᠵᠠᠬᠢᠷᠭᠠᠨ ᠤ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ᠂ ᠬᠥᠭᠵᠢᠭᠦᠯᠬᠦ᠂ ᠢᠷᠭᠡᠳ ᠦᠨ ᠠᠮᠢᠵᠢᠷᠠᠭ᠎ᠠ ᠶᠢ ᠳᠡᠭᠡᠭᠰᠢᠯᠡᠭᠦᠯᠬᠦ ᠳᠦ ᠠᠩᠬᠠᠷᠴᠤ ᠠᠵᠢᠯᠯᠠᠨ᠎ᠠ ᠭᠡᠵᠦ ᠠᠯᠪᠠᠨ ᠤ ᠬᠢᠨ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ