ᠬᠦᠮᠦᠨ ᠦ ᠡᠷᠬᠡ ᠶᠢᠨ ᠲᠠᠯ᠎ᠠ ᠪᠠᠷ ᠰᠠᠨᠠᠯ ᠰᠤᠯᠢᠯᠴᠠᠪᠠ | News.MN

ᠬᠦᠮᠦᠨ ᠦ ᠡᠷᠬᠡ ᠶᠢᠨ ᠲᠠᠯ᠎ᠠ ᠪᠠᠷ ᠰᠠᠨᠠᠯ ᠰᠤᠯᠢᠯᠴᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠬᠦᠮᠦᠨ ᠦ ᠡᠷᠬᠡ ᠶᠢ ᠬᠠᠮᠠᠭᠠᠯᠠᠭᠴᠢ ᠶᠢᠨ ᠠᠰᠠᠭᠤᠳᠠᠯ ᠬᠠᠷᠢᠭᠤᠴᠠᠭᠰᠠᠨ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠲᠤᠰᠬᠠᠢ ᠢᠯᠡᠳᠬᠡᠭᠴᠢ ᠮᠢᠱᠸᠯ  ᠹᠤᠷᠰᠲ ᠢ ᠬᠦᠯᠢᠶᠡᠨ ᠠᠪᠴᠤ ᠠᠭᠤᠯᠵᠠᠭᠠᠳ ᠂ ᠮᠣᠩᠭᠣᠯ ᠤᠯᠤᠰ ᠲᠤ ᠬᠦᠮᠦᠨ ᠦ ᠡᠷᠬᠡ ᠶᠢᠨ ᠬᠠᠮᠠᠭᠠᠯᠠᠭᠴᠢ ᠶᠢᠨ ᠲᠤᠬᠠᠢ ᠡᠷᠬᠡ ᠵᠦᠢ ᠶᠢᠨ ᠣᠷᠴᠢᠨ ᠢ ᠳᠡᠭᠡᠭᠰᠢᠯᠡᠭᠦᠯᠬᠦ ᠪᠣᠯᠤᠮᠵᠢ ᠶᠢᠨ ᠲᠠᠯ᠎ᠠ ᠪᠠᠷ ᠨᠣᠶᠠᠨ ᠮᠢᠱᠸᠯ  ᠹᠤᠷᠰᠲ ᠲᠠᠢ ᠰᠠᠨᠠᠯ ᠰᠤᠯᠢᠯᠴᠠᠪᠠ᠃
ᠲᠤᠰᠬᠠᠢ ᠢᠯᠡᠳᠬᠡᠭᠴᠢ ᠮᠢᠱᠸᠯ  ᠹᠤᠷᠰᠲ  ᠡᠨᠡ ᠰᠠᠷ᠎ᠠ ᠶᠢᠨ 13 ᠬᠦᠷᠲᠡᠯ᠎ᠡ ᠮᠣᠩᠭᠣᠯ ᠤᠯᠤᠰ ᠳᠠᠬᠢ ᠬᠦᠮᠦᠨ ᠦ ᠡᠷᠬᠡ ᠶᠢ ᠬᠠᠮᠠᠭᠠᠯᠠᠭᠴᠢ ᠶᠢᠨ ᠨᠥᠬᠥᠴᠡᠯ ᠪᠠᠶᠢᠳᠠᠯ ᠲᠠᠢ ᠲᠠᠨᠢᠯᠴᠠᠵᠤ ᠂ ᠵᠥᠪᠯᠡᠮᠵᠢ ᠭᠠᠷᠭᠠᠬᠤ ᠪᠥᠭᠡᠳ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ᠂ ᠵᠠᠬᠢᠷᠭᠠᠨ ᠤ ᠬᠡᠷᠡᠭ ᠦᠨ ᠰᠢᠭᠦᠬᠦ᠂ ᠤᠯᠤᠰ ᠤᠨ ᠶᠡᠷᠦᠩᠬᠡᠢ ᠫᠷᠣᠺᠦ᠋ᠷᠣᠷ ᠲᠠᠢ ᠠᠭᠤᠯᠵᠠᠵᠤ᠂ ᠣᠷᠣᠨ ᠨᠤᠲᠤᠭ ᠲᠤ ᠠᠵᠢᠯᠯᠠᠬᠤ ᠪᠠᠷ ᠲᠥᠯᠥᠪᠯᠡᠵᠡᠢ᠃ ᠡᠭᠦᠨ ᠦ ᠳᠠᠷᠠᠭ᠎ᠠ ᠲᠡᠷᠡᠪᠡᠷ᠂ ᠮᠣᠩᠭᠣᠯ ᠤᠯᠤᠰ ᠳᠠᠬᠢ ᠬᠦᠮᠦᠨ ᠦ ᠡᠷᠬᠡ ᠶᠢᠨ ᠬᠠᠮᠠᠭᠠᠯᠠᠭᠴᠢ ᠶᠢ ᠲᠣᠭᠣᠷᠢᠭᠰᠠᠨ ᠠᠰᠠᠭᠤᠳᠠᠯ᠂ ᠬᠠᠤᠯᠢ ᠡᠷᠬᠡ ᠵᠦᠢ ᠶᠢᠨ ᠣᠷᠴᠢᠨ ᠤ ᠲᠠᠯ᠎ᠠ ᠪᠠᠷ ᠤᠷᠢᠳᠴᠢᠯᠠᠭᠰᠠᠨ ᠵᠥᠪᠯᠡᠮᠵᠢ ᠶᠢ ᠵᠠᠰᠠᠭ ᠤᠨ ᠭᠠᠵᠠᠷ ᠪᠣᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠬᠦᠷᠭᠡᠭᠦᠯᠬᠦ ᠶᠤᠮ᠃ ᠮᠥᠨ ᠳᠡᠯᠭᠡᠷᠡᠩᠭᠦᠢ ᠵᠥᠪᠯᠡᠮᠵᠢ ᠪᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠦ ᠡᠷᠬᠡ ᠶᠢᠨ ᠵᠥᠪᠯᠡᠯ ᠦᠨ 43 ᠳ᠋ᠤᠭᠠᠷ ᠬᠤᠷᠠᠯ ᠳᠤ ᠲᠠᠨᠢᠯᠴᠠᠭᠤᠯᠬᠤ ᠠᠵᠠᠢ ᠃

ᠰᠡᠳᠬᠢᠭᠳᠡᠯ ᠦᠯᠡᠳᠡᠭᠡᠬᠦ