ᠮᠣᠩᠭᠣᠯ ᠤᠨ ᠦᠨᠳᠦᠰᠦᠨ ᠦ ᠺᠢᠨᠣ᠋ ᠠᠺᠠᠳᠧᠮᠢ ᠠᠴᠠ ᠵᠣᠬᠢᠶᠠᠨ ᠪᠠᠶᠢᠭᠤᠯᠵᠤ ᠪᠤᠢ ︽ᠠᠪᠢᠶᠠᠰ ᠤᠨ ᠡᠷᠢᠯ ᠳᠦ︾ ᠲᠥᠰᠥᠯ ᠦᠨ ᠬᠦᠷᠢᠶᠡᠨ ᠳᠦ ︽ᠲᠠᠯ᠎ᠠ ᠶᠢᠨ ᠡᠵᠡᠨ ︾ ᠺᠢᠨᠤ᠋ ᠶᠢᠨ ᠵᠢᠷᠤᠭ ᠠᠪᠤᠯᠲᠠ ᠰᠡᠯᠡᠩᠭᠡ ᠠᠶᠢᠮᠠᠭ ᠤᠨ ᠬᠤᠰᠢᠶᠠᠳ ᠰᠤᠮᠤ ᠶᠢᠨ ᠨᠤᠲᠤᠭ ᠳᠠᠬᠢ ︽ᠬᠠᠭᠤᠴᠢᠨ ᠲᠥᠪ︾᠂ ︽ᠮᠤᠭᠠᠶᠢᠲᠤ ︾᠂ ︽ᠳᠠᠭᠤᠲᠤ ᠬᠠᠳᠠ︾ ᠶᠢᠨ ᠣᠷᠴᠢᠮ ᠤᠨ ᠭᠠᠵᠠᠷ ᠤᠳ ᠲᠤ ᠠᠮᠵᠢᠯᠲᠠ ᠲᠠᠢ ᠪᠣᠯᠵᠠᠢ᠃
ᠲᠤᠰ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠦᠨ 9 ᠍ ᠳᠦᠭᠡᠷ ᠠᠩᠬᠢ ᠶᠢᠨ ᠰᠤᠷᠤᠭᠴᠢ ᠼ∙ᠲᠡᠮᠦᠵᠢᠨ ︽ᠠᠪᠢᠶᠠᠰ ᠤᠨ ᠡᠷᠢᠯ ᠳᠦ ︾ ᠲᠥᠰᠥᠯ ᠦᠨ ᠰᠢᠯᠭᠠᠷᠠᠭᠤᠯᠤᠯᠲᠠ ᠳᠤ ᠲᠡᠩᠴᠡᠨ᠂ ᠮᠣᠩᠭᠣᠯ ᠤᠨ ᠲᠡᠦᠬᠡ᠂ ᠥᠪ ᠰᠤᠶᠤᠯ ᠢ ᠰᠤᠷᠲᠠᠯᠴᠢᠯᠠᠨ ᠲᠠᠨᠢᠭᠤᠯᠬᠤ ︽ᠲᠠᠯ᠎ᠠ ᠶᠢᠨ ᠡᠵᠡᠨ ︾ ᠺᠢᠨᠤ᠋ ᠶᠢᠨ ᠵᠢᠷᠤᠭ ᠠᠪᠤᠯᠲᠠ ᠳᠤ ᠣᠷᠣᠯᠴᠠᠭᠰᠠᠨ ᠪᠠᠶᠢᠨ᠎ᠠ᠃ ᠲᠡᠷᠡ ᠪᠡᠷ ᠳᠦᠷᠢ ᠪᠡᠨ ᠠᠮᠵᠢᠯᠲᠠ ᠲᠠᠢ ᠪᠦᠲᠦᠭᠡᠵᠦ᠂ ᠵᠢᠷᠤᠭ ᠠᠪᠤᠯᠲᠠ ᠳᠤ ᠰᠠᠶᠢᠨ ᠣᠷᠣᠯᠴᠠᠭᠰᠠᠨ ᠤᠴᠢᠷ ᠠᠴᠠ ᠡᠬᠡ ᠣᠷᠣᠨ ᠢᠶᠠᠨ ᠲᠥᠯᠥᠭᠡᠯᠡᠨ ︽ᠣᠯᠠᠨ ᠤᠯᠤᠰ ᠤᠨ ᠺᠢᠨᠤ᠋ ᠶᠢᠨ ᠤᠷᠠᠨ ᠪᠦᠲᠦᠭᠡᠯᠴᠢᠳ ᠦᠨ ᠠᠩᠬᠠᠳᠤᠭᠠᠷ ᠶᠡᠬᠡ ᠨᠠᠭᠠᠳᠤᠮ ︾ ᠍ ᠳᠦ ᠤᠷᠤᠯᠴᠠᠬᠤ ᠤᠷᠢᠯᠭ᠎ᠠ ᠬᠦᠯᠢᠶᠡᠨ ᠠᠪᠴᠠᠢ᠃