︽ᠦᠨᠳᠦᠰᠦᠨ ᠦ ᠪᠢᠴᠢᠭ ᠦᠰᠦᠭ ᠦᠨ ᠪᠠᠶᠠᠷ︾ ᠢ ᠲᠡᠮᠳᠡᠭᠯᠡᠵᠦ ᠪᠠᠶᠢᠨ᠎ᠠ | News.MN

 ︽ᠦᠨᠳᠦᠰᠦᠨ ᠦ ᠪᠢᠴᠢᠭ ᠦᠰᠦᠭ ᠦᠨ ᠪᠠᠶᠠᠷ︾ ᠢ ᠲᠡᠮᠳᠡᠭᠯᠡᠵᠦ ᠪᠠᠶᠢᠨ᠎ᠠ

ᠤᠪᠰᠤ ᠠᠶᠢᠮᠠᠭ ᠤᠨ ᠥᠨᠳᠦᠷᠬᠠᠩᠭᠠᠢ ᠰᠤᠮᠤᠨ ᠳᠤ  ︽ᠦᠨᠳᠦᠰᠦᠨ ᠦ ᠪᠢᠴᠢᠭ ᠦᠰᠦᠭ ᠦᠨ ᠪᠠᠶᠠᠷ︾ ᠍ ᠢ ᠲᠡᠮᠳᠡᠭᠯᠡᠵᠦ ᠪᠠᠶᠢᠨ᠎ᠠ᠃ ᠥᠨᠳᠦᠷᠬᠠᠩᠭᠠᠢ ᠰᠤᠮᠤ ᠨᠢ ᠢᠷᠭᠡᠳ ᠣᠯᠠᠨ ᠨᠡᠶᠢᠲᠡ ᠶᠢᠨ ᠳᠤᠮᠳᠠ ᠮᠣᠩᠭᠣᠯ ᠪᠢᠴᠢᠭ ᠦᠨ ᠤᠩᠰᠢᠯᠭ᠎ᠠ ᠶᠢᠨ ᠤᠷᠤᠯᠳᠤᠭᠠᠨ᠂ ᠲᠥᠷᠥ ᠶᠢᠨ ᠠᠯᠪᠠᠨ ᠬᠠᠭᠠᠭᠴᠢᠳ ᠤᠨ ᠳᠤᠮᠳᠠ ᠮᠣᠩᠭᠣᠯ ᠪᠢᠴᠢᠭ ᠦᠨ ᠴᠢᠳᠠᠪᠤᠷᠢ ᠶᠢᠨ ᠲᠦᠪᠰᠢᠨ ᠲᠣᠭᠲᠠᠭᠠᠬᠤ ᠰᠣᠷᠢᠯ ᠤᠨ ᠰᠢᠯᠭᠠᠯᠲᠠ ᠲᠤᠰ ᠲᠤᠰ ᠶᠠᠪᠤᠭᠤᠯᠬᠤ ᠶᠤᠮ᠃
ᠮᠥᠨ ᠠᠶᠢᠮᠠᠭ ᠤᠨ ᠶᠡᠷᠦᠩᠬᠡᠢ ᠪᠣᠯᠪᠠᠰᠤᠷᠠᠯ ᠤᠨ 30 ᠰᠤᠷᠭᠠᠭᠤᠯᠢ ᠶᠢᠨ ᠮᠣᠩᠭᠣᠯ ᠬᠡᠯᠡ ᠪᠢᠴᠢᠭ ᠦᠨ ᠮᠡᠷᠭᠡᠵᠢᠯ ᠦᠨ ᠪᠠᠭᠰᠢ ᠨᠠᠷ ᠤᠨ ᠳᠤᠮᠳᠠ ︽ᠲᠣᠳᠣ ᠪᠢᠴᠢᠭ︾ ᠍ ᠦᠨ ᠤᠷᠤᠯᠳᠤᠭᠠᠨ᠂ ᠵᠠᠰᠠᠭ ᠨᠣᠶᠠᠨ᠂  ᠭᠦᠩ ᠯᠤᠪᠰᠠᠩᠳᠣᠨᠳᠣᠪ ᠤᠨ ᠨᠡᠷᠡᠮᠵᠢᠲᠦ ᠢᠷᠠᠭᠤ ᠨᠠᠶᠢᠷᠠᠭ ᠤᠨ ᠨᠠᠭᠠᠳᠤᠮ ᠵᠡᠷᠭᠡ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ ᠶᠤᠮ ᠪᠠᠶᠢᠨ᠎ᠠ ᠃
︽ᠮᠣᠩᠭᠣᠯ ᠬᠡᠯᠡ ᠪᠢᠴᠢᠭ ᠦᠨ ᠳᠡᠳ᠋ ᠬᠥᠲᠥᠯᠪᠦᠷᠢ ︾  ᠶᠢᠨ ᠬᠦᠷᠢᠶᠡᠨ ᠳᠦ ᠵᠣᠬᠢᠶᠠᠨ ᠪᠠᠶᠢᠭᠤᠯᠵᠤ ᠪᠤᠢ ᠲᠤᠰ ᠠᠷᠭ᠎ᠠ ᠬᠡᠮᠵᠢᠶ᠎ᠡ ᠶᠢ ᠠᠶᠢᠮᠠᠭ ᠲᠤ 13 ᠳ᠋ᠡᠬᠢ ᠵᠢᠯ ᠳᠦ ᠪᠡᠨ᠂ ᠰᠤᠮᠤ ᠣᠷᠣᠨ ᠨᠤᠲᠤᠭ ᠲᠤ 6 ᠳ᠋ᠡᠬᠢ  ᠤᠳᠠᠭ᠎ᠠ ᠪᠠᠨ ᠵᠣᠬᠢᠶᠠᠵᠤ ᠪᠠᠶᠢᠭ᠎ᠠ ᠨᠢ ᠡᠨᠡ ᠶᠤᠮ᠃ ᠡᠨᠡᠬᠦ ᠠᠷᠭ᠎ᠠ ᠬᠡᠮᠵᠢᠶ᠎ᠡ ᠥᠩᠭᠡᠷᠡᠭᠰᠡᠨ ᠵᠢᠯ ᠬᠣᠪᠳᠣ ᠰᠤᠮᠤᠨ ᠳᠤ ᠪᠣᠯᠤᠭᠰᠠᠨ ᠶᠤᠮ᠃

ᠰᠡᠳᠬᠢᠭᠳᠡᠯ ᠦᠯᠡᠳᠡᠭᠡᠬᠦ