ᠮᠣᠩᠭᠣᠯ ᠤᠨ ᠰᠤᠶᠤᠯ᠂ ᠬᠠᠭᠠᠳ ᠤᠨ ᠮᠦᠽᠧᠢ ᠲᠡᠢ ᠪᠣᠯᠤᠨ᠎ᠠ | News.MN

ᠮᠣᠩᠭᠣᠯ ᠤᠨ ᠰᠤᠶᠤᠯ᠂ ᠬᠠᠭᠠᠳ ᠤᠨ ᠮᠦᠽᠧᠢ ᠲᠡᠢ ᠪᠣᠯᠤᠨ᠎ᠠ

ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ᠂  ᠪᠠᠶᠢᠭᠠᠯᠢ ᠶᠢᠨ ᠲᠡᠦᠬᠡ ᠶᠢᠨ ᠮᠦᠽᠧᠢ ᠶᠢ ᠶᠡᠬᠡ ᠲᠩᠷᠢ ᠶᠢᠨ ᠠᠮᠠᠨ ᠳᠤ ᠪᠠᠷᠢᠬᠤ ᠰᠢᠢᠳᠪᠦᠷᠢ ᠭᠠᠷᠤᠭᠰᠠᠨ᠃ ᠲᠡᠶᠢᠮᠦ ᠡᠴᠡ ᠬᠠᠭᠤᠴᠢᠨ  ᠪᠠᠭᠤᠷᠢ ᠳᠡᠭᠡᠷ᠎ᠡ ᠨᠢ ᠰᠢᠨ᠎ᠡ ᠪᠡᠷ ᠮᠣᠩᠭᠣᠯ ᠤᠨ ᠰᠤᠶᠤᠯ᠂ ᠬᠠᠭᠠᠳ ᠤᠨ ᠮᠦᠽᠧᠢ ᠪᠠᠷᠢᠬᠤ ᠪᠠᠷ ᠲᠥᠯᠥᠪᠯᠡᠵᠦ ᠪᠠᠶᠢᠭ᠎ᠠ ᠲᠤᠬᠠᠢ  ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠤᠨ ᠶᠠᠮᠤᠨ ᠤ ᠰᠠᠶᠢᠳ ᠶᠣ᠊∙ᠪᠠᠭᠠᠲᠤᠷᠪᠢᠯᠢᠭ᠌ ᠥᠨᠥᠳᠥᠷ ᠮᠡᠳᠡᠭᠡᠯᠡᠪᠡ᠃ ᠲᠡᠷᠡᠪᠡᠷ ᠄ ᠪᠠᠶᠢᠭᠠᠯᠢ ᠶᠢᠨ ᠲᠡᠦᠬᠡ ᠶᠢᠨ ᠮᠦᠽᠧᠢ ᠶᠢᠨ ᠭᠠᠵᠠᠷ ᠲᠤ ᠳᠣᠯᠣᠭᠠᠨ ᠳᠠᠪᠬᠤᠷ ᠮᠦᠽᠧᠢ ᠪᠠᠷᠢᠨ᠎ᠠ᠃ ᠡᠨᠡᠬᠦ ᠮᠦᠽᠧᠢ ᠶᠢᠨ ᠪᠠᠷᠢᠯᠭ᠎ᠠ ᠶᠢᠨ ᠵᠢᠷᠤᠭ ᠲᠥᠰᠥᠯ ᠢ ᠤᠯᠤᠰ ᠤᠨ ᠲᠥᠰᠥᠪ ᠦᠨ ᠬᠥᠷᠥᠩᠭᠡ ᠶᠢᠨ 280 ᠰᠠᠶ᠎ᠠ ᠲᠥᠭᠥᠷᠢᠭ ᠢᠶᠡᠷ ᠬᠢᠭᠰᠡᠨ᠃ ᠶᠡᠷᠦᠩᠬᠡᠢ ᠰᠠᠶᠢᠳ ᠤᠨ ᠥᠭᠭᠦᠭᠰᠡᠨ ᠴᠢᠭᠯᠡᠯ ᠢᠶᠡᠷ ᠲᠥᠷᠥ ᠶᠢᠨ ᠣᠷᠳᠣᠨ ᠤ ᠪᠠᠨ ᠳᠡᠷᠭᠡᠳᠡ ᠭᠠᠳᠠᠭᠠᠳᠤ ᠳᠣᠲᠣᠭᠠᠳᠤ ᠶᠢᠨ ᠵᠣᠴᠢᠳ ᠲᠤ ᠦᠵᠡᠭᠦᠯᠬᠦ᠂ ᠮᠣᠩᠭᠣᠯ ᠤᠨ ᠲᠡᠦᠬᠡ ᠰᠤᠶᠤᠯ ᠢ ᠬᠠᠷᠠᠭᠤᠯᠤᠭᠰᠠᠨ ᠬᠠᠭᠠᠳ ᠤᠨ ᠮᠦᠽᠧᠢ ᠪᠠᠶᠢᠭᠤᠯᠬᠤ ᠪᠠᠷ ᠪᠣᠯᠤᠭᠰᠠᠨ᠃ ᠲᠥᠰᠥᠪ ᠲᠦ ᠬᠥᠷᠥᠩᠭᠡ ᠪᠠᠶᠢᠬᠤ ᠦᠭᠡᠢ ᠲᠤᠯᠠ ᠭᠠᠳᠠᠭᠠᠳᠤ ᠳᠣᠲᠣᠭᠠᠳᠤ ᠶᠢᠨ ᠬᠥᠷᠥᠩᠭᠡ ᠣᠷᠣᠭᠤᠯᠤᠯᠲᠠ᠂ ᠵᠢᠭᠡᠯᠡ ᠲᠤᠰᠠᠯᠠᠮᠵᠢ ᠶᠢᠨ ᠠᠰᠠᠭᠤᠳᠠᠯ ᠢ ᠬᠥᠭᠡᠭᠡᠴᠡᠯᠳᠦᠵᠦ ᠪᠠᠶᠢᠨ᠎ᠠ᠃ ᠣᠳᠣ ᠪᠠᠶᠢᠭ᠎ᠠ ᠭᠠᠵᠠᠷ ᠨᠢ  ᠪᠠᠶᠢᠭᠠᠯᠢ ᠶᠢᠨ ᠲᠡᠦᠬᠡ ᠶᠢᠨ ᠮᠦᠽᠧᠢ ᠶᠢ ᠪᠠᠷᠢᠬᠤ ᠳᠤ ᠬᠦᠨᠳᠦᠷᠡᠯᠲᠡᠢ ᠶᠤᠮ᠃ ᠤᠴᠢᠷ ᠨᠢ ᠦᠯᠭᠡ ᠭᠦᠷᠪᠡᠯ ᠦᠨ ᠲᠣᠮᠣ ᠲᠣᠮᠣ ᠶᠠᠰᠤ ᠨᠤᠭᠤᠳ ᠢ ᠪᠠᠶᠢᠷᠢᠯᠠᠭᠤᠯᠬᠤ ᠬᠠᠩᠭᠠᠯᠲᠠᠲᠠᠢ ᠲᠣᠮᠣ ᠮᠦᠽᠧᠢ ᠪᠠᠷᠢᠬᠤ ᠪᠣᠯᠤᠮᠵᠢ ᠦᠭᠡᠢ ᠪᠠᠶᠢᠨ᠎ᠠ᠃ ᠲᠡᠶᠢᠮᠦ ᠡᠴᠡ ᠶᠡᠬᠡ ᠲᠩᠷᠢ ᠶᠢᠨ ᠠᠮᠠᠨ ᠳᠤ ᠪᠠᠶᠢᠭᠤᠯᠬᠤ ᠰᠢᠢᠳᠪᠦᠷᠢ ᠭᠠᠷᠭᠠᠭᠰᠠᠨ᠃ ᠢᠩᠭᠢᠭᠰᠡᠨ ᠢᠶᠡᠷ ᠳᠠᠷᠤᠭ᠎ᠠ ᠨᠠᠷ ᠤᠨ ᠭᠡᠬᠦ ᠣᠶᠢᠯᠠᠭᠠᠯᠲᠠ ᠲᠠᠢ ᠶᠡᠬᠡ ᠲᠩᠷᠢ ᠶᠢᠨ ᠠᠮᠠ ᠣᠯᠠᠨ ᠨᠡᠶᠢᠲᠡ ᠳᠦ ᠨᠡᠭᠡᠭᠡᠯᠲᠡᠲᠡᠢ ᠪᠣᠯᠬᠤ ᠶᠤᠮ᠃ ᠪᠠᠶᠢᠷᠢᠰᠢᠯ ᠤᠨ ᠬᠤᠪᠢ ᠳᠤ ᠴᠤ  ᠪᠠᠶᠢᠭᠠᠯᠢ ᠶᠢᠨ ᠴᠣᠭᠴᠠᠯᠠᠪᠤᠷᠢ ᠭᠠᠵᠠᠷ ᠲᠤ ᠪᠠᠶᠢᠭᠤᠯᠬᠤ ᠨᠢ ᠵᠦᠢᠲᠡᠢ ᠭᠡᠵᠦ ᠦᠵᠡᠭᠰᠡᠨ ᠭᠡᠯ᠎ᠡ᠃

ᠰᠡᠳᠬᠢᠭᠳᠡᠯ ᠦᠯᠡᠳᠡᠭᠡᠬᠦ