ᠶᠡᠷᠦᠩᠬᠡᠢ ᠰᠠᠶᠢᠳ ᠲᠠᠮᠢᠷᠴᠢᠳ ᠢ ᠬᠦᠯᠢᠶᠡᠨ ᠠᠪᠴᠤ ᠠᠭᠤᠯᠵᠠᠪᠠ | News.MN

ᠶᠡᠷᠦᠩᠬᠡᠢ ᠰᠠᠶᠢᠳ ᠲᠠᠮᠢᠷᠴᠢᠳ ᠢ ᠬᠦᠯᠢᠶᠡᠨ ᠠᠪᠴᠤ ᠠᠭᠤᠯᠵᠠᠪᠠ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠮᠣᠩᠭᠣᠯ ᠤᠨ 3×3 ᠰᠠᠭᠰᠤᠨ ᠪᠥᠮᠪᠥᠭᠡ ᠶᠢᠨ ᠬᠣᠯᠪᠣᠭᠠᠨ ᠤ ᠤᠳᠤᠷᠢᠳᠤᠯᠭ᠎ᠠ᠂ ᠳᠠᠰᠬᠠᠯᠵᠢᠭᠤᠯᠤᠭᠴᠢ᠂ ᠲᠠᠮᠢᠷᠴᠢᠳ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠰᠠᠭᠰᠤᠨ ᠪᠥᠮᠪᠥᠭᠡ ᠶᠢᠨ ᠲᠤᠰ ᠲᠥᠷᠥᠯ ᠨᠢ 2011 ᠣᠨ ᠠᠴᠠ ᠠᠯᠪᠠᠨ ᠶᠣᠰᠣᠭᠠᠷ FIBA ᠍ ᠤ ᠦᠢᠯᠡ ᠠᠵᠢᠯᠯᠠᠭᠠᠨ ᠳᠤ ᠣᠷᠣᠵᠤ᠂ ᠵᠢᠯ ᠦᠨ ᠳᠣᠲᠣᠷ᠎ᠠ 150 ᠭᠠᠷᠤᠢ ᠣᠷᠣᠨ ᠢ ᠬᠠᠮᠤᠷᠴᠦ᠂ 2017 ᠣᠨ ᠠᠴᠠ ᠣᠯᠢᠮᠫ ᠤᠨ ᠲᠥᠷᠥᠯ ᠳᠦ ᠪᠠᠭᠲᠠᠭᠰᠠᠨ᠃ ᠮᠣᠩᠭᠣᠯ ᠤᠨ 3×3 ᠰᠠᠭᠰᠤᠨ ᠪᠥᠮᠪᠥᠭᠡ ᠶᠢᠨ ᠬᠣᠯᠪᠣᠭ᠎ᠠ ᠳᠡᠯᠡᠬᠡᠢ ᠶᠢᠨ ᠰᠠᠭᠰᠤᠨ ᠪᠥᠮᠪᠥᠭᠡ ᠶᠢᠨ ᠬᠣᠯᠪᠣᠭ᠎ᠠ ᠲᠠᠢ ᠬᠠᠮᠲᠤᠷᠠᠨ ᠠᠵᠢᠯᠯᠠᠵᠤ ᠬᠠᠷᠢᠯᠴᠠᠨ ᠢᠲᠡᠭᠡᠯᠴᠡᠭᠰᠡᠨ ᠬᠠᠷᠢᠯᠴᠠᠭ᠎ᠠ ᠪᠤᠢ ᠪᠣᠯᠭᠠᠭᠠᠳ ᠪᠠᠶᠢᠭ᠎ᠠ ᠭᠡᠵᠦ ᠲᠤᠰ ᠬᠣᠯᠪᠣᠭᠠᠨ ᠤ ᠶᠡᠷᠦᠩᠬᠡᠶᠢᠯᠡᠭᠴᠢ ᠯ∙ᠮᠢᠭᠮᠠᠷᠵᠠᠪ ᠶᠡᠷᠦᠩᠬᠡᠢ ᠰᠠᠶᠢᠳ ᠲᠤ ᠲᠠᠨᠢᠯᠴᠠᠭᠤᠯᠪᠠ᠃ ᠡᠨᠡ ᠣᠨ ᠤ ᠵᠢᠷᠭᠤᠳᠤᠭᠠᠷ ᠰᠠᠷ᠎ᠠ ᠳᠤ ᠮᠠᠨ ᠤ ᠤᠯᠤᠰ ᠲᠤ 23 ᠨᠠᠰᠤᠨ ᠤ ᠦᠨᠳᠦᠰᠦᠲᠡᠨ ᠨᠦᠭᠦᠳ ᠦᠨ ᠯᠢᠭ᠂ U18 ᠨᠠᠰᠤᠨ ᠤ ᠳᠡᠯᠡᠬᠡᠢ ᠶᠢᠨ ᠠᠪᠤᠷᠭᠤ᠂ ᠤᠯᠠᠭᠠᠨᠪᠠᠭᠠᠲᠤᠷ  ᠭᠷᠡᠨᠫᠷᠢ ᠭᠡᠰᠡᠨ ᠭᠤᠷᠪᠠᠨ ᠲᠣᠮᠣ ᠲᠡᠮᠡᠴᠡᠭᠡᠨ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠡᠳᠡᠭᠡᠷ ᠲᠡᠮᠡᠴᠡᠭᠡᠨ ᠦ ᠵᠣᠬᠢᠶᠠᠨ ᠪᠠᠶᠢᠭᠤᠯᠤᠯᠲᠠ ᠂ ᠲᠠᠮᠢᠷᠴᠢᠳ ᠤᠨ ᠪᠡᠯᠡᠳᠬᠡᠯ ᠢᠳᠡ ᠦᠷᠭᠦᠯᠵᠢᠯᠡᠵᠦ ᠪᠠᠶᠢᠭ᠎ᠠ ᠶᠢ ᠲᠡᠷᠡᠪᠡᠷ ᠬᠡᠯᠡᠯ᠎ᠡ᠃
3×3 ᠰᠠᠭᠰᠤᠨ ᠪᠥᠮᠪᠥᠭᠡ ᠶᠢᠨ ᠲᠥᠷᠥᠯ ᠢ ᠤᠯᠤᠰ ᠣᠷᠣᠨ ᠳᠤ ᠪᠠᠨ ᠬᠥᠭᠵᠢᠭᠦᠯᠵᠦ᠂ ᠣᠯᠠᠨ ᠤᠯᠤᠰ ᠤᠨ ᠲᠡᠮᠡᠴᠡᠭᠡᠨ ᠤᠷᠤᠯᠳᠤᠭᠠᠨ ᠳᠤ ᠠᠮᠵᠢᠯᠲᠠᠲᠠᠢ ᠣᠷᠣᠯᠴᠠᠵᠤ ᠪᠤᠢ ᠪᠠᠭᠰᠢ᠂ ᠳᠠᠰᠬᠠᠯᠵᠢᠭᠤᠯᠤᠭᠴᠢ᠂ ᠲᠠᠮᠢᠷᠴᠢᠳ ᠲᠤ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠲᠠᠯᠠᠷᠬᠠᠯ ᠢᠯᠡᠷᠬᠡᠶᠢᠯᠡᠯ᠎ᠡ᠃ ᠮᠥᠨ᠂ ᠥᠪᠡᠷᠰᠡᠳ ᠢᠶᠡᠨ ᠰᠠᠨᠠᠭᠠᠴᠢᠯᠠᠵᠤ᠂ ᠬᠥᠷᠥᠩᠭᠡ ᠰᠠᠩᠬᠦᠦ ᠪᠡᠨ ᠵᠣᠷᠢᠭᠤᠯᠵᠤ ᠡᠬᠡ ᠣᠷᠣᠨ᠂ ᠠᠷᠠᠳ ᠲᠦᠮᠡᠨ ᠦ ᠪᠡᠨ ᠨᠡᠷ᠎ᠡ ᠬᠦᠨᠳᠦ ᠶᠢ ᠣᠯᠠᠨ ᠤᠯᠤᠰ ᠤᠨ ᠲᠠᠪᠴᠠᠩ ᠳᠤ ᠭᠠᠷᠭᠠᠵᠤ ᠪᠠᠶᠢᠭᠠᠳ ᠴᠢᠩ ᠰᠡᠳᠬᠢᠯ ᠡᠴᠡ ᠪᠡᠨ ᠪᠠᠶᠠᠷᠯᠠᠵᠤ ᠪᠠᠶᠢᠨ᠎ᠠ᠃ ᠶᠡᠷᠦᠩᠬᠡᠢ ᠰᠠᠶᠢᠳ ᠤᠨ ᠬᠤᠪᠢ ᠳᠤ ᠳᠡᠮᠵᠢᠵᠦ ᠠᠵᠢᠯᠯᠠᠨ᠎ᠠ ᠭᠡᠯ᠎ᠡ᠃  ᠲᠡᠷᠡ ᠳᠠᠰᠬᠠᠯᠵᠢᠭᠤᠯᠤᠭᠴᠢ᠂ ᠲᠠᠮᠢᠷᠴᠢᠳ ᠲᠤ ᠣᠯᠢᠮᠫ ᠤᠨ ᠡᠷᠬᠡ ᠠᠪᠴᠤ᠂  ︽ᠲᠤᠤᠺᠢᠤ᠋ -2020︾ ᠨᠠᠭᠠᠳᠤᠮ ᠳᠤ ᠠᠮᠵᠢᠯᠲᠠᠲᠠᠢ ᠣᠷᠣᠯᠴᠠᠬᠤ ᠶᠢ ᠢᠷᠦᠭᠡᠯ᠎ᠡ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ