ᠷᠢᠤ᠋ ᠲᠢᠨᠲ᠋ᠤ᠋ ᠶᠢᠨ ᠬᠢᠨ ᠤᠭ᠍ᠶᠤᠲᠤᠯᠤᠭᠠᠢ ᠶᠢᠨ ᠭᠡᠷ᠎ᠡ ᠶᠢ ᠦᠭᠡᠷᠡᠴᠢᠯᠡᠬᠦ ᠦᠭᠡᠢ ᠭᠡᠵᠡᠢ   | News.MN

 ᠷᠢᠤ᠋ ᠲᠢᠨᠲ᠋ᠤ᠋ ᠶᠢᠨ ᠬᠢᠨ ᠤᠭ᠍ᠶᠤᠲᠤᠯᠤᠭᠠᠢ ᠶᠢᠨ ᠭᠡᠷ᠎ᠡ ᠶᠢ ᠦᠭᠡᠷᠡᠴᠢᠯᠡᠬᠦ ᠦᠭᠡᠢ ᠭᠡᠵᠡᠢ  

ᠷᠢᠤ᠋ ᠲᠢᠨᠲ᠋ᠤ᠋ ᠶᠢᠨ ᠵᠡᠰ᠂ ᠸᠴᠢᠷ ᠡᠷᠳᠡᠨᠢ ᠶᠢᠨ ᠭᠷᠦ᠋ᠫ  ᠤᠨ ᠲᠡᠷᠢᠭᠦᠨ ᠠᠷᠨᠠᠦᠳ᠋ ᠰᠤᠸᠠᠷᠠᠲ ᠤᠭ᠍ᠶᠤᠲᠤᠯᠤᠭᠠᠢ ᠶᠢᠨ ᠭᠡᠷ᠎ᠡ ᠳᠦ ᠥᠭᠡᠷᠡᠴᠢᠯᠡᠯᠲᠡ ᠣᠷᠣᠭᠤᠯᠬᠤ ᠶᠢ ᠡᠰᠡᠷᠭᠦᠴᠡᠵᠦ᠂ ᠮᠡᠳᠡᠭᠳᠡᠯ ᠭᠠᠷᠭᠠᠵᠠᠢ᠃ ᠷᠢᠤ᠋ ᠲᠢᠨᠲ᠋ᠤ᠋ ᠶᠢᠨ ᠤᠳᠤᠷᠢᠳᠤᠯᠭ᠎ᠠ  ᠨᠠᠷ ᠡᠨᠡ ᠠᠰᠠᠭᠤᠳᠠᠯ ᠢᠶᠠᠷ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠲᠠᠢ ᠠᠭᠤᠯᠵᠠᠬᠤ ᠬᠦᠰᠡᠯᠲᠡ ᠲᠠᠯᠪᠢᠭᠰᠠᠨ ᠳᠦ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠡᠮᠦᠨ᠎ᠡ ᠡᠴᠡ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠳᠠᠷᠤᠭ᠎ᠠ ᠳ∙ᠳᠠᠮᠪᠠᠸᠠᠴᠢᠷ ᠲᠡᠳᠡᠨ ᠲᠡᠢ ᠠᠭᠤᠯᠵᠠᠵᠠᠢ᠃ ᠡᠨᠡ ᠦᠶ᠎ᠡ ᠪᠡᠷ ᠷᠢᠤ᠋ ᠲᠢᠨᠲ᠋ᠤ᠋ ᠶᠢᠨ ᠬᠢᠨ ︽ᠬᠥᠷᠥᠩᠭᠡ ᠣᠷᠣᠭᠤᠯᠤᠯᠲᠠ ᠶᠢᠨ  ᠭᠡᠷ᠎ᠡ ᠂ ᠬᠤᠪᠢ ᠡᠵᠡᠮᠰᠢᠭᠴᠢᠳ ᠦᠨ ᠭᠡᠷ᠎ᠡ᠂ ᠳ᠋ᠤᠪᠠᠢ ᠶᠢᠨ ᠭᠡᠷ᠎ᠡ ᠳᠦ ᠨᠢᠭᠡ ᠴᠤ ᠴᠡᠭ ᠲᠠᠰᠤᠯᠤᠯ᠂ ᠦᠭᠡ ᠥᠭᠦᠯᠡᠪᠦᠷᠢ ᠶᠢᠨ ᠥᠭᠡᠷᠡᠴᠢᠯᠡᠯᠲᠡ ᠣᠷᠣᠭᠤᠯᠬᠤ ᠦᠭᠡᠢ ᠭᠡᠳᠡᠭ ᠢᠶᠡᠨ ᠢᠯᠡᠷᠬᠡᠶᠢᠯᠡᠭᠰᠡᠨ ᠪᠠᠶᠢᠨ᠎ᠠ᠃
ᠤᠯᠤᠰ ᠤᠨ ᠶᠡᠬᠡ ᠬᠤᠷᠠᠯ ᠡᠨᠡ ᠳᠣᠯᠣᠭ᠎ᠠ ᠬᠣᠨᠣᠭ ᠲᠤ ᠤᠭ᠍ᠶᠤᠲᠤᠯᠤᠭᠠᠢ  ᠶᠢ ᠰᠢᠯᠭᠠᠬᠤ ᠠᠵᠢᠯ ᠤᠨ ᠬᠡᠰᠡᠭ ᠦᠨ ᠰᠠᠨᠠᠯ ᠳ᠋ᠦᠩᠨᠡᠯᠲᠡ ᠶᠢ ᠬᠡᠯᠡᠯᠴᠡᠬᠦ ᠲᠤᠪ ᠲᠠᠢ ᠪᠠᠶᠢᠨ᠎ᠠ᠃ ᠲᠡᠭᠦᠨᠴᠢᠯᠡᠨ ᠠᠪᠯᠢᠭ᠎ᠠ ᠲᠠᠢ ᠲᠡᠮᠡᠴᠡᠬᠦ ᠭᠠᠵᠠᠷ ᠠᠴᠠ ᠤᠭ᠍ᠶᠤᠲᠤᠯᠤᠭᠠᠢ  ᠳᠤ ᠬᠢᠭᠰᠡᠨ ᠰᠢᠯᠭᠠᠯᠲᠠ᠂ ᠠᠦ᠋ᠳᠢᠲ ᠤᠨ ᠪᠠᠶᠢᠭᠤᠯᠤᠯᠭ᠎ᠠ ᠠᠴᠠ ᠳ᠋ᠤᠪᠠᠢ ᠶᠢᠨ ᠭᠡᠷ᠎ᠡ ᠳᠦ ᠬᠢᠭᠰᠡᠨ ᠰᠢᠯᠭᠠᠯᠲᠠ ᠶᠢᠨ ᠳ᠋ᠦᠩᠨᠡᠯᠲᠡ ᠪᠡᠨ ᠮᠥᠨ ᠤᠯᠤᠰ ᠤᠨ ᠶᠡᠬᠡ ᠬᠤᠷᠠᠯ ᠳᠦ ᠬᠦᠷᠭᠡᠭᠦᠯᠦᠭᠡᠳ ᠪᠠᠶᠢᠭ᠎ᠠ ᠪᠢᠯᠡ᠃

ᠰᠡᠳᠬᠢᠭᠳᠡᠯ ᠦᠯᠡᠳᠡᠭᠡᠬᠦ