︽ᠡᠷᠳᠡᠨᠢᠰ ᠲᠠᠪᠤᠨᠲᠣᠯᠣᠭᠠᠢ︾ ᠺᠣᠮᠫᠠᠨᠢ ᠵᠠᠷᠤᠳᠠᠯ ᠢᠶᠠᠨ ᠪᠠᠭᠤᠷᠠᠭᠤᠯᠤᠨ᠎ᠠ | News.MN

︽ᠡᠷᠳᠡᠨᠢᠰ ᠲᠠᠪᠤᠨᠲᠣᠯᠣᠭᠠᠢ︾ ᠺᠣᠮᠫᠠᠨᠢ ᠵᠠᠷᠤᠳᠠᠯ ᠢᠶᠠᠨ ᠪᠠᠭᠤᠷᠠᠭᠤᠯᠤᠨ᠎ᠠ

︽ᠡᠷᠳᠡᠨᠢᠰ ᠲᠠᠪᠤᠨᠲᠣᠯᠣᠭᠠᠢ︾ ᠺᠣᠮᠫᠠᠨᠢ ᠡᠨᠡ ᠣᠨ ᠤ ᠡᠬᠢᠨ ᠦ ᠤᠯᠠᠷᠢᠯ ᠳᠤ 304 ᠲᠡᠷᠪᠤᠮ ᠲᠥᠭᠥᠷᠢᠭ ᠦᠨ ᠴᠡᠪᠡᠷ ᠠᠰᠢᠭ ᠲᠠᠢ ᠠᠵᠢᠯᠯᠠᠵᠠᠢ᠃ ᠡᠬᠢᠨ ᠦ ᠤᠯᠠᠷᠢᠯ ᠳᠤ 4.2 ᠰᠠᠶ᠎ᠠ ᠲᠣᠨ ᠨᠡᠭᠦᠷᠡᠰᠦ ᠣᠯᠪᠤᠷᠢᠯᠠᠵᠤ᠂ 2.4 ᠰᠠᠶ᠎ᠠ ᠲᠣᠨ ᠢ ᠡᠺᠰᠫᠣᠷᠲᠯᠠᠭᠰᠠᠨ ᠪᠠᠶᠢᠨ᠎ᠠ᠃ ᠡᠭᠦᠨ ᠡᠴᠡ 741 ᠲᠡᠷᠪᠤᠮ ᠲᠥᠭᠥᠷᠢᠭ ᠦᠨ ᠣᠷᠣᠯᠭ᠎ᠠ ᠣᠯᠵᠤ᠂ 193.5 ᠲᠡᠷᠪᠤᠮ ᠲᠥᠭᠥᠷᠢᠭ ᠲᠥᠰᠥᠪ ᠲᠦ ᠲᠥᠪᠯᠡᠷᠡᠭᠦᠯᠵᠡᠢ᠃ ᠡᠨᠡ ᠲᠠᠯ᠎ᠠ ᠪᠠᠷ ︽ᠡᠷᠳᠡᠨᠢᠰ ᠲᠠᠪᠤᠨᠲᠣᠯᠣᠭᠠᠢ︾ ᠺᠣᠮᠫᠠᠨᠢ ᠶᠢᠨ ᠭᠦᠢᠴᠡᠳᠭᠡᠬᠦ ᠵᠠᠬᠢᠷᠤᠯ ᠪ∙ᠭᠠᠩᠬᠤᠶᠠᠭ᠄ ᠮᠠᠨ ᠤ ᠺᠣᠮᠫᠠᠨᠢ ᠥᠩᠭᠡᠷᠡᠭᠰᠡᠨ ᠣᠨ ᠳᠤ 1.99 ᠶᠡᠬᠡ ᠨᠠᠶᠤᠳ ᠲᠥᠭᠥᠷᠢᠭ ᠦᠨ ᠪᠣᠷᠣᠯᠠᠭᠤᠯᠤᠯᠲᠠ ᠶᠢᠨ ᠣᠷᠣᠯᠭ᠎ᠠ ᠣᠯᠤᠭᠰᠠᠨ ᠠᠴᠠ ᠲᠠᠲᠠᠪᠤᠷᠢ ᠪᠣᠯᠤᠨ  ᠵᠠᠷᠤᠳᠠᠯ ᠢᠶᠠᠨ ᠬᠠᠰᠤᠵᠤ ᠲᠣᠭᠠᠴᠠᠪᠠᠯ᠂ 807.6 ᠲᠡᠷᠪᠤᠮ ᠲᠥᠭᠥᠷᠢᠭ ᠦᠨ ᠴᠡᠪᠡᠷ ᠠᠰᠢᠭ ᠲᠠᠢ ᠠᠵᠢᠯᠯᠠᠭᠰᠠᠨ᠃ ᠮᠣᠩᠭᠣᠯ ᠤᠯᠤᠰ ᠤᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠰᠢᠢᠳᠪᠦᠷᠢ ᠶᠢᠨ ᠳᠠᠭᠠᠤ ᠺᠣᠮᠫᠠᠨᠢ ᠶᠢᠨ ᠲᠥᠯᠥᠭᠡᠯᠡᠨ ᠤᠳᠤᠷᠢᠳᠬᠤ ᠵᠥᠪᠯᠡᠯ ᠡᠴᠡ 2018 ᠣᠨ ᠤ ᠴᠡᠪᠡᠷ ᠠᠰᠢᠭ ᠢᠶᠠᠷ ᠳᠡᠳ᠋ ᠪᠦᠲᠦᠴᠡ ᠶᠢᠨ ᠲᠣᠮᠣᠬᠠᠨ ᠲᠥᠰᠥᠯ᠂ ᠬᠥᠲᠥᠯᠪᠦᠷᠢ ᠨᠦᠭᠦᠳ ᠬᠡᠷᠡᠭᠵᠢᠭᠦᠯᠬᠦ ᠪᠣᠯᠤᠭᠰᠠᠨ᠃ ᠲᠤᠬᠠᠶᠢᠯᠠᠪᠠᠯ᠂ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ᠂ ᠲᠠᠪᠤᠨᠲᠣᠯᠣᠭᠠᠢ-ᠭᠠᠰᠢᠭᠤᠨ  ᠰᠤᠬᠠᠶᠢᠲᠤ ᠴᠢᠭᠯᠡᠯ ᠦᠨ ᠲᠡᠮᠦᠷ ᠵᠠᠮ ᠵᠡᠷᠭᠡ ᠶᠢ ᠰᠠᠩᠬᠦᠦᠵᠢᠭᠦᠯᠬᠦ ᠪᠡᠷ ᠰᠢᠢᠳᠪᠦᠷᠢᠯᠡᠭᠡᠳ ᠪᠠᠶᠢᠨ᠎ᠠ᠃ ᠡᠭᠦᠨ ᠲᠡᠢ ᠬᠣᠯᠪᠣᠭᠠᠲᠠᠢ ᠪᠠᠷ ᠣᠹᠹᠢᠰ ᠤᠨ ᠪᠠᠷᠢᠯᠭ᠎ᠠ᠂ ᠮᠠᠰᠢᠨ ᠤᠨᠤᠭ᠎ᠠ᠂ ᠺᠤᠮᠫᠢᠦ᠋ᠲᠸᠷ ᠂ ᠲᠣᠨᠣᠭ ᠲᠥᠬᠥᠭᠡᠷᠦᠮᠵᠢ ᠬᠤᠳᠠᠯᠳᠤᠨ ᠠᠪᠬᠤ ᠵᠡᠷᠭᠡ ᠵᠠᠷᠤᠳᠠᠯ ᠢᠶᠠᠨ 400 ᠲᠡᠷᠪᠤᠮ ᠲᠥᠭᠥᠷᠢᠭ ᠢᠶᠡᠷ ᠪᠠᠭᠤᠷᠠᠭᠤᠯᠬᠤ ᠰᠢᠢᠳᠪᠦᠷᠢ ᠭᠠᠷᠭᠠᠭᠰᠠᠨ ᠭᠡᠯ᠎ᠡ᠃
ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠠᠴᠠ ᠥᠭᠭᠦᠭᠰᠡᠨ ᠡᠭᠦᠷᠭᠡ ᠴᠢᠭᠯᠡᠯ ᠦᠨ ᠳᠠᠭᠠᠤ ᠣᠯᠠᠨ ᠤᠯᠤᠰ ᠲᠤ IPO ᠭᠠᠷᠭᠠᠬᠤ ᠪᠡᠯᠡᠳᠬᠡᠯ ᠡᠷᠴᠢᠮᠲᠡᠢ ᠬᠢᠵᠦ ᠪᠠᠶᠢᠭ᠎ᠠ ᠪᠥᠭᠡᠳ ᠲᠥᠰᠥᠪ ᠦᠨ ᠬᠥᠷᠥᠩᠭᠡ ᠪᠡᠷ ᠪᠠᠷᠠᠭ᠎ᠠ᠂ ᠠᠵᠢᠯ᠂ ᠦᠢᠯᠡᠴᠢᠯᠡᠭᠡ ᠬᠤᠳᠠᠯᠳᠤᠨ ᠠᠪᠬᠤ ᠲᠤᠬᠠᠢ ᠬᠠᠤᠯᠢ ᠲᠠᠢ ᠬᠣᠯᠪᠣᠭᠠᠲᠠᠢ ᠪᠠᠷ ᠣᠯᠠᠨ ᠤᠯᠤᠰ ᠤᠨ  ᠵᠦᠪᠯᠡᠬᠦ ᠰᠢᠯᠭᠠᠷᠠᠭᠤᠯᠬᠤ ᠲᠠᠢ ᠬᠣᠯᠪᠣᠭᠠᠲᠠᠢ ᠵᠠᠷᠢᠮ ᠠᠵᠢᠯ  ᠲᠦᠷ ᠬᠣᠶᠢᠰᠢᠯᠠᠵᠠᠢ᠃ ᠬᠠᠷᠢᠨ ᠢᠷᠭᠡᠳ ᠦᠨ ᠮᠡᠳᠡᠭᠡᠯᠡᠯ ᠦᠨ ᠨᠢᠭᠡᠳᠦᠭᠰᠡᠨ ᠪᠠᠭᠠᠽ ᠪᠦᠷᠢᠳᠦᠭᠦᠯᠬᠦ ᠂ ᠪᠢᠴᠢᠭ ᠪᠠᠷᠢᠮᠲᠠ ᠪᠣᠯᠪᠠᠰᠤᠷᠠᠭᠤᠯᠬᠤ ᠠᠵᠢᠯ ᠤᠨ  ᠪᠠᠶᠠᠯᠡᠯᠲᠡ ᠰᠠᠶᠢᠨ ᠪᠠᠶᠢᠭ᠎ᠠ ᠶᠢ ᠮᠥᠨ ᠳᠤᠷᠠᠳᠪᠠ ᠃

ᠰᠡᠳᠬᠢᠭᠳᠡᠯ ᠦᠯᠡᠳᠡᠭᠡᠬᠦ