ᠶᠡᠷᠦᠩᠬᠡᠢ ᠰᠠᠶᠢᠳ ᠠᠮᠠᠯᠠᠭᠰᠠᠨ ᠮᠥᠩᠭᠥ ᠪᠡᠨ ᠲᠦᠢᠮᠡᠷ ᠲᠤ ᠵᠠᠷᠤᠴᠠᠭᠤᠯᠬᠤ ᠶᠣᠰᠣᠲᠠᠢ | News.MN

ᠶᠡᠷᠦᠩᠬᠡᠢ ᠰᠠᠶᠢᠳ ᠠᠮᠠᠯᠠᠭᠰᠠᠨ ᠮᠥᠩᠭᠥ ᠪᠡᠨ ᠲᠦᠢᠮᠡᠷ ᠲᠤ ᠵᠠᠷᠤᠴᠠᠭᠤᠯᠬᠤ ᠶᠣᠰᠣᠲᠠᠢ

ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ᠍ ᠤᠨ ᠵᠥᠪᠯᠡᠯ ᠥᠨᠥᠳᠥᠷ ᠬᠤᠷᠠᠯᠳᠤᠵᠤ᠂ ᠬᠡᠯᠡᠯᠴᠡᠭᠰᠡᠨ ᠠᠰᠠᠭᠤᠳᠠᠯ ᠤᠨ ᠲᠠᠯ᠎ᠠ ᠪᠠᠷ ᠮᠡᠳᠡᠭᠡᠯᠡᠯ ᠬᠢᠯ᠎ᠡ᠃ ᠵᠥᠪᠯᠡᠯ ᠦᠨ ᠳᠠᠷᠤᠭ᠎ᠠ ᠳ∙ᠡᠷᠳᠡᠨᠢᠪᠠᠲᠤ ᠄ ᠥᠨᠥᠳᠥᠷ  ᠠᠷᠠᠳᠴᠢᠯᠠᠭᠰᠠᠨ᠍ ᠤᠨ ᠵᠥᠪᠯᠡᠯ ᠡᠭᠡᠯᠵᠢᠲᠦ ᠬᠤᠷᠠᠯ ᠢᠶᠠᠨ ᠬᠢᠵᠦ᠂ ᠬᠣᠶᠠᠷ ᠠᠰᠠᠭᠤᠳᠠᠯ ᠢ ᠬᠡᠯᠡᠯᠴᠡᠯ᠎ᠡ᠃ ᠨᠢᠭᠡᠳᠦᠭᠡᠷ ᠲᠦ᠂ ᠦᠨ᠎ᠡ ᠶᠢᠨ ᠥᠰᠦᠯᠲᠡ ᠶᠢᠨ ᠲᠠᠯ᠎ᠠ ᠪᠠᠷ ᠬᠡᠯᠡᠯᠴᠡᠵᠦ᠂ ᠵᠠᠰᠠᠭ ᠤᠨ ᠭᠠᠵᠠᠷ ᠲᠤ ᠱᠠᠭᠠᠷᠳᠠᠯᠭ᠎ᠠ ᠬᠦᠷᠭᠡᠭᠦᠯᠬᠦ ᠪᠡᠷ ᠪᠣᠯᠤᠯ᠎ᠠ᠃ ᠬᠣᠶᠠᠳᠤᠭᠠᠷ ᠲᠤ᠂ ᠮᠠᠷᠭᠤᠭᠠᠨ ᠳᠠᠭᠠᠭᠤᠯᠤᠭᠠᠳ ᠪᠠᠶᠢᠭ᠎ᠠ  ︽ᠡᠳ᠋ ᠍ ᠦᠨ ᠵᠠᠰᠠᠭ ᠤᠨ ᠢᠯᠡ ᠲᠣᠳᠣ ᠪᠠᠶᠢᠳᠠᠯ ᠤᠨ ᠲᠤᠬᠠᠢ ︾ ᠬᠠᠤᠯᠢ ᠶᠢᠨ ᠲᠠᠯ᠎ᠠ ᠪᠠᠷ ᠬᠡᠯᠡᠯᠴᠡᠭᠰᠡᠨ᠃ ᠶᠡᠷᠦᠩᠬᠡᠢ ᠰᠠᠶᠢᠳ ᠬᠡᠨᠲᠡᠢ ᠠᠶᠢᠮᠠᠭ ᠲᠤ ᠠᠵᠢᠯᠯᠠᠭᠰᠠᠨ᠃ ᠬᠡᠨᠲᠡᠢ ᠳᠦ ᠰᠣᠩᠭᠣᠭᠤᠯᠢ ᠠᠴᠠ ᠢᠯᠡᠭᠦᠦ ᠲᠦᠢᠮᠡᠷ ᠦᠨ ᠨᠥᠬᠥᠴᠡᠯ ᠪᠠᠶᠢᠳᠠᠯ ᠬᠦᠨᠳᠦ ᠪᠠᠶᠢᠭ᠎ᠠ᠃ ᠲᠤᠰ ᠠᠶᠢᠮᠠᠭ ᠲᠤ ᠭᠠᠷᠤᠭᠰᠠᠨ ᠲᠦᠢᠮᠡᠷ ᠲᠦ ᠬᠡᠨᠲᠡᠢ ᠶᠢᠨ ᠨᠢᠷᠤᠭᠤᠨ ᠤ ᠵᠡᠭᠦᠨ ᠬᠡᠰᠡᠭ ᠪᠦᠬᠦᠯᠢ ᠳᠦ ᠪᠡᠨ ᠠᠪᠲᠠᠭᠠᠳ ᠪᠠᠶᠢᠬᠤ ᠳᠤ ᠵᠠᠰᠠᠭ ᠤᠨ ᠭᠠᠵᠠᠷ ᠵᠥᠪᠬᠡᠨ ᠨᠥᠬᠥᠨ ᠰᠣᠩᠭᠣᠭᠤᠯᠢ ᠳᠤ ᠠᠩᠬᠠᠷᠤᠯ ᠬᠠᠨᠳᠤᠭᠤᠯᠵᠤ ᠪᠠᠶᠢᠨ᠎ᠠ᠃ ᠲᠡᠨᠳᠡ ᠬᠦᠮᠦᠨ ᠬᠦᠴᠦ᠂ ᠬᠣᠭᠣᠯᠠ ᠬᠦᠨᠡᠰᠦ᠂ ᠲᠧᠭᠨᠢᠭ ᠳᠤᠲᠠᠭᠳᠠᠯ ᠲᠠᠢ ᠪᠠᠶᠢᠭ᠎ᠠ᠃
ᠭᠡᠲᠡᠯ᠎ᠡ ᠶᠡᠷᠦᠩᠬᠡᠢ ᠰᠠᠶᠢᠳ ᠲᠡᠨᠳᠡ ᠣᠴᠢᠵᠤ᠂ ᠠᠭᠤᠯᠵᠠᠯᠲᠠ ᠬᠢᠵᠦ ᠪᠠᠶᠢᠭ᠎ᠠ ᠨᠢ ᠰᠣᠩᠭᠣᠭᠤᠯᠢ ᠶᠢᠨ ᠬᠠᠤᠯᠢ ᠵᠥᠷᠢᠴᠡᠵᠦ ᠪᠠᠶᠢᠨ᠎ᠠ᠃ ᠡᠶᠢᠮᠦᠷᠬᠦᠦ ᠰᠤᠷᠲᠠᠯᠴᠢᠯᠠᠭ᠎ᠠ ᠪᠠᠨ ᠪᠣᠯᠢᠬᠤ ᠬᠡᠷᠡᠭᠲᠡᠢ᠃ ᠬᠡᠨᠲᠡᠢ ᠠᠶᠢᠮᠠᠭ ᠲᠤ ᠠᠮᠠᠯᠠᠭᠰᠠᠨ ᠮᠥᠩᠭᠥ ᠪᠡᠨ ᠲᠡᠨᠳᠡ ᠭᠠᠷᠤᠭᠠᠳ ᠲᠦᠢᠮᠡᠷ ᠲᠦ ᠵᠠᠷᠤᠴᠠᠭᠤᠯᠬᠤ ᠶᠣᠰᠣᠲᠠᠢ᠃ ᠲᠡᠶᠢᠮᠦ ᠡᠴᠡ ᠪᠢᠳᠡ ᠶᠡᠷᠦᠩᠬᠡᠢ ᠰᠠᠶᠢᠳ ᠲᠤ ᠪᠣᠳᠠᠲᠤ ᠠᠮᠢᠳᠤᠷᠠᠯ᠂ ᠬᠦᠷᠦᠰᠦᠨ ᠳᠡᠭᠡᠷ᠎ᠡ ᠪᠡᠨ ᠪᠠᠭᠤᠭᠠᠴᠢ ᠭᠡᠵᠦ ᠱᠠᠭᠠᠷᠳᠠᠯᠭ᠎ᠠ ᠬᠦᠷᠭᠡᠭᠦᠯᠵᠦ ᠪᠠᠶᠢᠨ᠎ᠠ᠃ ᠥᠷᠭᠡᠨ ᠬᠡᠷᠡᠭᠯᠡᠭᠡᠨ ᠦ ᠪᠠᠷᠠᠭ᠎ᠠ ᠪᠦᠲᠦᠭᠡᠭᠳᠡᠬᠦᠨ ᠦ ᠦᠨ᠎ᠡ ᠤᠷᠢᠳ ᠪᠠᠶᠢᠭ᠎ᠠ ᠦᠭᠡᠢ ᠪᠡᠷ ᠥᠰᠴᠦ ᠪᠠᠶᠢᠨ᠎ᠠ᠃ ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ ᠪᠡᠷ 5.5 ᠲᠡᠷᠪᠤᠮ ᠳ᠋ᠣᠯᠯᠠᠷ ᠠᠪᠬᠤ ᠭᠡᠰᠡᠨ᠃ ᠥᠨᠥᠳᠥᠷ ᠦᠨ ᠪᠠᠶᠢᠳᠠᠯ ᠢᠶᠠᠷ ᠡᠷᠬᠡ ᠪᠠᠷᠢᠭᠴᠢᠳ ᠪᠠᠷᠤᠭ ᠬᠣᠶᠠᠷ ᠲᠡᠷᠪᠤᠮ ᠳ᠋ᠣᠯᠯᠠᠷ ᠠᠪᠴᠢᠬᠠᠭᠠᠳ ᠪᠠᠶᠢᠭ᠎ᠠ᠃ ᠰᠢᠲᠠᠬᠤᠨ ᠤ ᠵᠢᠵᠢᠭᠯᠡᠩ ᠦᠨ ᠦᠨ᠎ᠡ 2018 ᠣᠨ ᠳᠤ ᠲᠠᠪᠤᠨ ᠤᠳᠠᠭ᠎ᠠ᠂ 2019 ᠣᠨ ᠳᠤ ᠬᠣᠶᠠᠷ ᠤᠳᠠᠭ᠎ᠠ ᠥᠰᠴᠦ᠂ ᠥᠨᠥᠳᠥᠷ ᠦᠨ ᠪᠠᠶᠢᠳᠠᠯ ᠢᠶᠠᠷ ᠨᠡᠶᠢᠲᠡ 500 ᠲᠥᠭᠥᠷᠢᠭ ᠢᠶᠡᠷ ᠥᠰᠦᠭᠰᠡᠨ᠃ ᠡᠨᠡ ᠨᠢ  ᠢᠮᠹᠯᠢᠶᠠᠼ ᠲᠤ  ᠮᠠᠰᠢ ᠶᠡᠬᠡ ᠨᠥᠯᠦᠭᠡᠯᠡᠵᠦ ᠪᠠᠶᠢᠭ᠎ᠠ᠃ ᠮᠥᠨ ᠮᠢᠬᠠᠨ ᠤ ᠦᠨ᠎ᠡ ᠶᠢᠨ ᠥᠰᠦᠯᠲᠡ ᠢᠷᠭᠡᠳ ᠦᠨ ᠠᠮᠢᠳᠤᠷᠠᠯ ᠳᠤ ᠬᠦᠨᠳᠦ ᠲᠤᠰᠴᠦ ᠪᠠᠶᠢᠨ᠎ᠠ᠃
ᠬᠣᠶᠠᠳᠤᠭᠠᠷ ᠲᠤ᠂  ︽ᠡᠳ᠋ ᠍ ᠦᠨ ᠵᠠᠰᠠᠭ ᠤᠨ ᠢᠯᠡ ᠲᠣᠳᠣ ᠪᠠᠶᠢᠳᠠᠯ ᠤᠨ ᠲᠤᠬᠠᠢ︾ ᠬᠠᠤᠯᠢ ᠪᠠᠷ 33 ᠶᠡᠬᠡ ᠨᠠᠶᠤᠳ ᠲᠥᠭᠥᠷᠢᠭ ᠬᠤᠯᠠᠭᠠᠶᠢᠯᠠᠭᠰᠠᠨ ᠭᠡᠬᠦ ᠲᠠᠰᠢᠶ᠎ᠠ ᠮᠡᠳᠡᠭᠡᠯᠡᠯ ᠭᠠᠷᠬᠤ ᠪᠣᠯᠤᠯ᠎ᠠ᠃ ᠡᠨᠡ ᠬᠠᠤᠯᠢ ᠬᠡᠷᠡᠭᠵᠢᠭᠰᠡᠨ ᠢᠶᠡᠷ 37 ᠶᠡᠬᠡ ᠨᠠᠶᠤᠳ ᠲᠥᠭᠥᠷᠢᠭ ᠦᠨ ᠬᠥᠷᠥᠩᠭᠡ ᠢᠯᠡ ᠪᠣᠯᠤᠭᠰᠠᠨ᠃ ᠡᠨᠡ ᠪᠣᠯ ᠠᠷᠠᠳᠴᠢᠯᠠᠭᠰᠠᠨ ᠨᠠᠮ ᠍ ᠤᠨ ᠵᠠᠰᠠᠭ ᠤᠨ ᠦᠶ᠎ᠡ ᠳᠦ ᠠᠪᠤᠭᠰᠠᠨ 2.5 ᠲᠡᠷᠪᠤᠮ ᠳ᠋ᠣᠯᠯᠠᠷ ᠤᠨ ᠪᠤᠨᠳ᠋ ᠲᠠᠢ ᠣᠭᠲᠣ ᠬᠣᠯᠪᠣᠭ᠎ᠠ ᠦᠭᠡᠢ᠃ ᠬᠡᠷᠪᠡ ᠲᠥᠷᠥ ᠨᠢᠭᠡ ᠬᠠᠤᠯᠢ ᠭᠠᠷᠭᠠᠴᠢᠬᠠᠭᠠᠳ ᠡᠭᠦᠨ ᠢ ᠪᠡᠨ ᠦᠭᠡᠶᠢᠰᠭᠡᠬᠦ ᠶᠤᠮ ᠪᠣᠯ ᠠᠷᠠᠳ ᠲᠦᠮᠡᠨ ᠦ ᠲᠥᠷᠥ ᠳᠦ ᠢᠲᠡᠭᠡᠬᠦ ᠢᠲᠡᠭᠡᠯ ᠠᠯᠳᠠᠭᠳᠠᠨ᠎ᠠ ᠭᠡᠯ᠎ᠡ᠃

ᠰᠡᠳᠬᠢᠭᠳᠡᠯ ᠦᠯᠡᠳᠡᠭᠡᠬᠦ