︽ᠠᠯᠲᠠᠢ ᠶᠢᠨ ᠵᠠᠯᠠᠭᠤ ᠵᠣᠬᠢᠶᠠᠨ ᠪᠦᠲᠦᠭᠡᠭᠴᠢ-2019 ︾  ᠶᠢᠨ ᠳ᠋ᠦᠩ ᠭᠠᠷᠤᠯ᠎ᠠ | News.MN

︽ᠠᠯᠲᠠᠢ ᠶᠢᠨ ᠵᠠᠯᠠᠭᠤ ᠵᠣᠬᠢᠶᠠᠨ ᠪᠦᠲᠦᠭᠡᠭᠴᠢ-2019 ︾  ᠶᠢᠨ ᠳ᠋ᠦᠩ ᠭᠠᠷᠤᠯ᠎ᠠ

ᠰᠤᠷᠤᠭᠴᠢᠳ ᠤᠨ ᠢᠨᠵᠧᠨᠧᠷ ᠲᠧᠭᠨᠢᠭ ᠰᠡᠳᠬᠢᠯᠭᠡ ᠶᠢ ᠬᠥᠭᠵᠢᠭᠦᠯᠬᠦ᠂ ᠬᠠᠷᠢᠯᠴᠠᠨ ᠲᠤᠷᠰᠢᠯᠭ᠎ᠠ ᠰᠤᠳᠤᠯᠬᠤ᠂ ᠮᠡᠷᠭᠡᠵᠢᠯ ᠦᠨ ᠪᠠᠭᠰᠢ ᠨᠠᠷ ᠢ ᠴᠢᠳᠠᠪᠬᠢᠵᠢᠭᠤᠯᠬᠤ ᠵᠣᠷᠢᠯᠭ᠎ᠠ ᠪᠠᠷ ︽ᠤᠶᠤᠨᠯᠢᠭ-ᠠᠯᠲᠠᠢ ︾ ᠬᠥᠲᠥᠯᠪᠦᠷᠢ ᠶᠢᠨ ᠬᠦᠷᠢᠶᠡᠨ ᠳᠦ ᠲᠤᠰ ᠠᠶᠢᠮᠠᠭ ᠤᠨ ᠵᠠᠰᠠᠭ ᠳᠠᠷᠤᠭ᠎ᠠ ᠶᠢᠨ ᠨᠡᠷᠡᠮᠵᠢᠲᠦ ︽ᠠᠯᠲᠠᠢ ᠶᠢᠨ ᠵᠠᠯᠠᠭᠤ ᠵᠣᠬᠢᠶᠠᠨ ᠪᠦᠲᠦᠭᠡᠭᠴᠢ-2019︾ ᠤᠷᠤᠯᠳᠤᠭᠠᠨ ᠢ ᠭᠤᠷᠪᠠᠨ ᠦᠶ᠎ᠡ ᠱᠠᠲᠤ ᠲᠠᠢ ᠪᠠᠷ ᠵᠣᠬᠢᠶᠠᠨ ᠪᠠᠶᠢᠭᠤᠯᠵᠤ ᠠᠮᠵᠢᠯᠲᠠ ᠭᠠᠷᠭᠠᠭᠰᠠᠨ ᠪᠠᠭᠰᠢ ᠨᠠᠷ ᠢ ᠱᠠᠩᠨᠠᠵᠤ ᠤᠷᠮᠠᠰᠢᠭᠤᠯᠤᠯ᠎ᠠ᠃
ᠬᠤᠶᠠᠷ ᠰᠠᠶ᠎ᠠ ᠲᠠᠪᠤᠨ ᠵᠠᠭᠤᠨ ᠲᠥᠭᠥᠷᠢᠭ ᠦᠨ ᠱᠠᠩᠨᠠᠯ ᠤᠨ ᠰᠠᠩ ᠲᠠᠢ ᠤᠭ ᠤᠷᠤᠯᠳᠤᠭᠠᠨ ᠳᠤ ᠲᠤᠰ ᠠᠶᠢᠮᠠᠭ ᠤᠨ 21 ᠰᠤᠷᠭᠠᠭᠤᠯᠢ ᠶᠢᠨ 300 ᠭᠠᠷᠤᠢ ᠪᠠᠭᠰᠢ᠂ ᠰᠤᠷᠤᠭᠴᠢ ᠣᠷᠣᠯᠴᠠᠭᠰᠠᠨ ᠠᠴᠠ ᠲᠡᠷᠢᠭᠦᠨ ᠪᠠᠶᠢᠷᠢ ᠳᠤ ᠬᠠᠯᠢᠭᠤᠨ ᠰᠤᠮᠤ ᠶᠢᠨ ᠪᠠᠭ ᠭᠤᠷᠪᠠᠨ ᠵᠠᠭᠤᠨ ᠮᠢᠩᠭᠠᠨ ᠲᠥᠭᠥᠷᠢᠭ ᠦᠨ ᠦᠨ᠎ᠡ ᠪᠦᠬᠦᠢ ᠪᠠᠭᠠᠵᠢ ᠲᠣᠨᠣᠭ ᠲᠥᠬᠥᠭᠡᠷᠦᠮᠵᠢ᠂ ᠬᠣᠶᠠᠳᠤᠭᠠᠷ ᠪᠠᠶᠢᠷᠢ ᠳᠤ ᠴᠣᠭᠲᠤ ᠰᠤᠮᠤ ᠶᠢᠨ ᠰᠤᠷᠭᠠᠭᠤᠯᠢ᠂ ᠶᠢᠰᠦᠨᠪᠤᠯᠠᠭ ᠰᠤᠮᠤ ᠶᠢᠨ ᠭᠤᠷᠪᠠᠳᠤᠭᠠᠷ ᠰᠤᠷᠭᠠᠭᠤᠯᠢ ᠶᠢᠨ ᠪᠠᠭ ᠤᠳ ᠲᠤ ᠲᠤᠰ ᠪᠦᠷᠢ ᠬᠤᠶᠠᠷ ᠵᠠᠭᠤᠨ ᠮᠢᠩᠭᠠᠨ ᠲᠥᠭᠥᠷᠢᠭ ᠦᠨ ᠦᠨ᠎ᠡ ᠪᠦᠬᠦᠢ ᠪᠠᠭᠠᠵᠢ ᠲᠣᠨᠣᠭ ᠲᠥᠬᠥᠭᠡᠷᠦᠮᠵᠢ᠂ ᠭᠤᠷᠪᠠᠳᠤᠭᠠᠷ ᠪᠠᠶᠢᠷᠢ ᠳᠤ ᠳ᠋ᠠᠷᠢᠪ ᠂ ᠲᠣᠩᠬᠢᠯ ᠰᠤᠮᠤ ᠶᠢᠨ ᠰᠤᠷᠭᠠᠭᠤᠯᠢ ᠶᠢᠨ ᠪᠠᠭ ᠤᠳ ᠲᠤ ᠲᠤᠰ ᠪᠦᠷᠢ ᠵᠠᠭᠤᠨ ᠮᠢᠩᠭᠠᠨ ᠲᠥᠭᠥᠷᠢᠭ ᠦᠨ ᠦᠨ᠎ᠡ ᠪᠦᠬᠦᠢ ᠪᠠᠭᠠᠵᠢ ᠲᠣᠨᠣᠭ ᠲᠥᠬᠥᠭᠡᠷᠦᠮᠵᠢ᠂ ᠲᠤᠰᠬᠠᠢ ᠪᠠᠶᠢᠷᠢ ᠶᠢ ᠲᠥᠭᠥᠷᠢᠭ ᠰᠤᠮᠤ ᠶᠢᠨ ᠰᠤᠷᠭᠠᠭᠤᠯᠢ᠂ ᠶᠢᠰᠦᠪᠤᠯᠠᠭ ᠰᠤᠮᠤ ᠶᠢᠨ ᠬᠣᠶᠠᠷ ᠪᠣᠯᠤᠨ ᠭᠤᠷᠪᠠᠳᠤᠭᠠᠷ ᠰᠤᠷᠭᠠᠭᠤᠯᠢ ᠶᠢᠨ ᠪᠠᠭ ᠤᠳ ᠡᠵᠡᠯᠡᠵᠦ ᠂ ᠲᠤᠰ ᠪᠦᠷᠢ  ᠨᠠᠶᠠᠨ ᠮᠢᠩᠭᠠᠨ ᠲᠥᠭᠥᠷᠢᠭ ᠦᠨ ᠦᠨ᠎ᠡ ᠪᠦᠬᠦᠢ ᠪᠠᠭᠠᠵᠢ ᠲᠣᠨᠣᠭ ᠲᠥᠬᠥᠭᠡᠷᠦᠮᠵᠢ ᠶᠢᠨ ᠡᠵᠡᠳ ᠪᠣᠯᠤᠯ᠎ᠠ᠃

ᠰᠡᠳᠬᠢᠭᠳᠡᠯ ᠦᠯᠡᠳᠡᠭᠡᠬᠦ