ᠳᠠᠪᠤᠤ ᠶᠢᠨ ᠠᠷ ᠲᠠᠢ ᠰᠤᠶᠤᠯ ᠤᠨ ᠥᠪ ᠤᠨ ᠦᠵᠡᠰᠬᠦᠯᠡᠩ ᠭᠠᠷᠴᠤ ᠪᠠᠶᠢᠨ᠎ᠠ | News.MN

 ᠳᠠᠪᠤᠤ ᠶᠢᠨ ᠠᠷ ᠲᠠᠢ ᠰᠤᠶᠤᠯ ᠤᠨ ᠥᠪ ᠤᠨ ᠦᠵᠡᠰᠬᠦᠯᠡᠩ ᠭᠠᠷᠴᠤ ᠪᠠᠶᠢᠨ᠎ᠠ

︽ᠦᠨᠳᠦᠰᠦᠨ ᠦ ᠪᠢᠴᠢᠭ ᠦᠰᠦᠭ ᠦᠨ ᠪᠠᠶᠠᠷ︾ ᠤᠨ ᠬᠦᠷᠢᠶᠡᠨ ᠳᠦ᠂  ᠶᠤᠨᠧᠰᠺᠦ  ᠶᠢᠨ ᠳᠡᠯᠡᠬᠡᠢ ᠶᠢᠨ ᠳᠤᠷᠠᠰᠤᠮᠵᠢ ᠬᠥᠲᠥᠯᠪᠦᠷᠢ ᠪᠣᠯᠤᠨ ᠰᠤᠶᠤᠯ ᠤᠨ ᠪᠠᠷᠢᠮᠲᠠᠲᠤ ᠥᠪ ᠢ ᠬᠠᠮᠠᠭᠠᠯᠠᠬᠤ ᠦᠨᠳᠦᠰᠦᠨ ᠦ ᠬᠥᠲᠥᠯᠪᠦᠷᠢ ᠶᠢᠨ ᠳᠠᠭᠠᠤ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠰᠤᠶᠤᠯ ᠤᠷᠠᠯᠢᠭ ᠤᠨ ᠭᠠᠵᠠᠷ᠂ ᠮᠣᠩᠭᠣᠯ ᠤᠨ ᠤᠯᠤᠰ ᠤᠨ ᠦᠨᠳᠦᠰᠦᠨ ᠦ ᠨᠣᠮ ᠤᠨ ᠰᠠᠩ ᠲᠠᠢ ᠬᠠᠮᠲᠤᠷᠠᠨ ︽ᠳᠠᠪᠤᠤ ᠶᠢᠨ ᠠᠷ ᠲᠠᠢ ᠰᠤᠶᠤᠯ ᠤᠨ ᠪᠠᠷᠢᠮᠲᠠᠲᠤ ᠥᠪ ᠦᠨ ᠥᠨᠥ ᠶᠢᠨ ᠪᠠᠶᠢᠳᠠᠯ︾ ᠰᠡᠳᠦᠪᠲᠦ ᠡᠷᠳᠡᠮ ᠰᠢᠨᠵᠢᠯᠡᠭᠡ᠂ ᠣᠨᠣᠯ ᠫᠷᠠᠺᠲ᠋ᠢᠭ ᠤᠨ ᠬᠤᠷᠠᠯ ᠢ ᠥᠨᠥᠳᠥᠷ ᠦᠨᠳᠦᠰᠦᠨ ᠦ ᠲᠥᠪ ᠨᠣᠮ ᠤᠨ ᠰᠠᠩ ᠳᠤ ᠬᠢᠯ᠎ᠡ᠃
ᠰᠤᠶᠤᠯ ᠤᠷᠠᠯᠢᠭ ᠤᠨ ᠭᠠᠵᠠᠷ ᠤᠨ ᠳᠠᠷᠤᠭ᠎ᠠ ᠭ∙ᠡᠷᠳᠡᠨᠢᠪᠠᠲᠤ᠂ ᠶᠤᠨᠧᠰᠺᠦ ᠶᠢᠨ ᠮᠣᠩᠭᠣᠯ ᠤᠨ ᠦᠨᠳᠦᠰᠦᠨ ᠦ ᠺᠣᠮᠢᠰ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠰ∙ᠤᠶᠠᠩᠭ᠎ᠠ ᠨᠠᠷ ᠬᠤᠷᠠᠯ ᠢ ᠨᠡᠭᠡᠭᠡᠵᠦ᠂ ᠰᠤᠶᠤᠯ ᠤᠨ ᠪᠠᠷᠢᠮᠲᠠᠲᠤ ᠥᠪ ᠢ ᠪᠦᠲᠦᠭᠡᠭᠰᠡᠨ ᠪᠠᠶᠢᠳᠠᠯ ᠤᠨ ᠲᠥᠷᠥᠯ᠂ ᠠᠩᠭᠢᠯᠠᠯ ᠤᠨ ᠡᠭᠦᠰᠦᠯ᠂ ᠬᠥᠭᠵᠢᠯ᠂ ᠬᠠᠳᠠᠭᠠᠯᠠᠯᠲᠠ ᠬᠠᠮᠠᠭᠠᠯᠠᠯᠲᠠ ᠶᠢᠨ ᠲᠠᠯ᠎ᠠ ᠪᠠᠷ ᠮᠡᠷᠭᠡᠰᠢᠭᠰᠡᠨ ᠡᠷᠳᠡᠮᠲᠡᠨ᠂ ᠰᠤᠳᠤᠯᠤᠭᠠᠴᠢᠳ ᠦᠵᠡᠯ ᠪᠣᠳᠣᠯ ᠢᠶᠠᠨ ᠬᠤᠪᠢᠶᠠᠯᠴᠠᠪᠠ᠃ ᠡᠷᠳᠡᠮ ᠰᠢᠨᠵᠢᠯᠡᠭᠡᠨ ᠦ ᠣᠨᠣᠯ ᠫᠷᠠᠺᠲ᠋ᠢᠭ ᠤᠨ ᠬᠤᠷᠠᠯ ᠤᠨ ᠦᠶ᠎ᠡ ᠪᠡᠷ᠂ ᠳᠡᠯᠡᠬᠡᠢ ᠳᠦ ᠬᠣᠣᠰ ᠦᠭᠡᠢ ᠮᠣᠩᠭᠣᠯ ᠤᠭ ᠤᠨ ᠪᠢᠴᠢᠭ ᠪᠦᠬᠦᠢ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠳᠤ ᠬᠠᠳᠠᠭᠠᠯᠠᠭᠳᠠᠵᠤ ᠪᠤᠢ ᠳᠠᠪᠤᠤ ᠶᠢᠨ ᠠᠷ ᠲᠠᠢ ᠡᠬᠢ ᠰᠤᠷᠪᠤᠯᠵᠢ ᠪᠦᠲᠦᠭᠡᠯ ᠦᠳ᠂ ᠳᠠᠪᠤᠤ ᠳᠡᠭᠡᠷ᠎ᠡ ᠵᠢᠷᠤᠭᠰᠠᠨ ᠮᠣᠩᠭᠣᠯ ᠵᠢᠷᠤᠭ ᠤᠳ ᠢ ᠲᠣᠯᠢᠯᠠᠭᠤᠯᠵᠤ᠂ 9 ᠢᠯᠡᠳᠬᠡᠯ ᠢ ᠬᠡᠯᠡᠯᠴᠡᠪᠡ᠃

ᠰᠡᠳᠬᠢᠭᠳᠡᠯ ᠦᠯᠡᠳᠡᠭᠡᠬᠦ