ᠶᠡᠷᠦᠩᠬᠡᠢ ᠰᠢᠭᠦᠭᠴᠢ ᠳᠦ ᠬ∙ᠪᠠᠲᠤᠰᠦ᠋ᠷᠦᠩ ᠢ ᠳᠡᠪᠰᠢᠭᠦᠯᠪᠡ | News.MN

ᠶᠡᠷᠦᠩᠬᠡᠢ ᠰᠢᠭᠦᠭᠴᠢ ᠳᠦ ᠬ∙ᠪᠠᠲᠤᠰᠦ᠋ᠷᠦᠩ ᠢ ᠳᠡᠪᠰᠢᠭᠦᠯᠪᠡ

ᠤᠯᠤᠰ ᠤᠨ ᠳᠡᠭᠡᠳᠦ ᠰᠢᠭᠦᠬᠦ ᠶᠢᠨ ᠨᠡᠶᠢᠲᠡ ᠰᠢᠭᠦᠭᠴᠢᠳ ᠦᠨ ᠬᠤᠷᠠᠯᠳᠤᠭᠠᠨ ᠥᠨᠥᠳᠥᠷ ᠪᠣᠯᠵᠤ᠂ ᠣᠯᠠᠩᠬᠢ ᠶᠢᠨ ᠰᠠᠨᠠᠯ ᠢᠶᠠᠷ ᠬ∙ᠪᠠᠲᠤᠰᠦ᠋ᠷᠦᠩ ᠶᠢ ᠳᠡᠭᠡᠳᠦ ᠰᠢᠭᠦᠬᠦ ᠶᠢᠨ ᠶᠡᠷᠦᠩᠬᠡᠢ ᠰᠢᠭᠦᠭᠴᠢ ᠪᠤᠯᠬᠤ  ᠶᠢ ᠳᠡᠮᠵᠢᠭᠰᠡᠨ ᠪᠠᠶᠢᠨ᠎ᠠ᠃  ᠡᠨᠡ ᠰᠠᠨᠠᠯ ᠢᠶᠠᠨ ᠶᠡᠷᠦᠩᠬᠡᠶᠢᠯᠡᠭᠴᠢ ᠳᠦ ᠬᠦᠷᠭᠡᠭᠦᠯᠬᠦ ᠪᠡᠷ ᠪᠣᠯᠵᠠᠢ᠃ ᠤᠯᠠᠮ ᠢᠶᠠᠷ ᠶᠡᠷᠦᠩᠬᠡᠶᠢᠯᠡᠭᠴᠢ ᠵᠠᠷᠯᠢᠭ ᠭᠠᠷᠭᠠᠵᠤ ᠪᠠᠲᠤᠯᠠᠮᠵᠢᠯᠠᠳᠠᠭ ᠶᠤᠮ ᠪᠠᠶᠢᠨ᠎ᠠ᠃
ᠥᠩᠭᠡᠷᠡᠭᠰᠡᠨ ᠳᠥᠷᠪᠡᠳᠦᠭᠡᠷ ᠰᠠᠷ᠎ᠠ ᠶᠢᠨ 3 ᠍ ᠤ ᠡᠳᠦᠷ ᠶᠡᠷᠦᠩᠬᠡᠢ ᠰᠢᠭᠦᠭᠴᠢ ᠳᠦ ᠳᠥᠷᠪᠡᠨ ᠬᠦᠮᠦᠨ ᠥᠷᠢᠰᠦᠯᠳᠦᠵᠦ᠂ ᠬᠣᠶᠠᠷ ᠨᠢ ᠨᠡᠷ᠎ᠡ ᠪᠡᠨ ᠲᠠᠲᠠᠭᠰᠠᠨ ᠠᠴᠠ ᠬ∙ᠪᠠᠲᠤᠰᠦ᠋ᠷᠦᠩ᠂ ᠳ∙ᠭᠠᠩᠵᠣᠷᠢᠭ ᠨᠠᠷ ᠥᠷᠢᠰᠦᠯᠳᠦᠵᠦ᠂ ᠳ∙ᠭᠠᠩᠵᠣᠷᠢᠭ ᠣᠯᠠᠩᠬᠢ ᠶᠢᠨ ᠰᠠᠨᠠᠯ ᠠᠪᠴᠤ ᠪᠠᠶᠢᠭᠰᠠᠨ᠃ ᠭᠡᠪᠡᠴᠦ ᠶᠡᠷᠦᠩᠬᠡᠶᠢᠯᠡᠭᠴᠢ ᠳ∙ᠭᠠᠩᠵᠣᠷᠢᠭ ᠢ ᠶᠡᠷᠦᠩᠬᠡᠢ ᠰᠢᠭᠦᠭᠴᠢ ᠪᠡᠷ ᠲᠣᠮᠢᠯᠠᠬᠤ ᠶᠢ ᠵᠦᠪᠰᠢᠶᠡᠷᠡᠭᠰᠡᠨ ᠦᠭᠡᠢ ᠪᠤᠯᠬᠤᠷ ᠳᠠᠬᠢᠨ ᠵᠦᠪᠯᠡᠯᠭᠡᠨ ᠵᠣᠬᠢᠶᠠᠨ ᠪᠠᠶᠢᠭᠤᠯᠵᠤ᠂ ᠶᠡᠷᠦᠩᠬᠡᠢ ᠰᠢᠭᠦᠭᠴᠢ ᠪᠡᠨ ᠡᠶᠢᠨ ᠰᠣᠩᠭᠣᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ