ᠪ∙ᠶᠠᠪᠤᠭᠤᠬᠤᠯᠠᠩ ᠤᠨ ᠨᠡᠷᠡᠮᠵᠢᠲᠦ ᠢᠷᠠᠭᠤ ᠨᠠᠶᠢᠷᠠᠭ ᠤᠨ ᠨᠠᠭᠠᠳᠤᠮ ᠪᠣᠯᠤᠨ᠎ᠠ | News.MN

ᠪ∙ᠶᠠᠪᠤᠭᠤᠬᠤᠯᠠᠩ ᠤᠨ ᠨᠡᠷᠡᠮᠵᠢᠲᠦ ᠢᠷᠠᠭᠤ ᠨᠠᠶᠢᠷᠠᠭ ᠤᠨ ᠨᠠᠭᠠᠳᠤᠮ ᠪᠣᠯᠤᠨ᠎ᠠ

ᠲᠥᠷᠥ ᠶᠢᠨ ᠱᠠᠩᠨᠠᠯᠲᠤ᠂ ᠮᠣᠩᠭᠣᠯ ᠤᠯᠤᠰ ᠤᠨ ᠰᠤᠶᠤᠯ ᠤᠨ ᠭᠠᠪᠢᠶᠠᠲᠤ ᠵᠢᠳᠬᠦᠯᠲᠡᠨ᠂ ᠳᠣᠷᠣᠨ᠎ᠠ ᠶᠢᠨ ᠶᠡᠬᠡ ᠢᠷᠠᠭᠤ ᠨᠠᠶᠢᠷᠠᠭᠴᠢ ᠪᠡᠭᠵᠡ ᠶᠢᠨ ᠶᠠᠪᠤᠭᠤᠬᠤᠯᠠᠩ ᠤᠨ ᠮᠡᠨᠳᠦᠯᠡᠭᠰᠡᠨ ᠦ ᠲᠡᠦᠬᠡᠲᠦ 90 ᠵᠢᠯ ᠦᠨ ᠣᠢ ᠡᠨᠡ ᠵᠢᠯ ᠲᠣᠬᠢᠶᠠᠵᠤ ᠪᠠᠶᠢᠨ᠎ᠠ᠃ ᠶᠡᠬᠡ ᠵᠣᠬᠢᠶᠠᠯᠴᠢ ᠶᠢᠨ ᠥᠨᠳᠥᠷ ᠣᠢ ᠳᠤ ᠵᠣᠷᠢᠭᠤᠯᠤᠨ ︽ᠸᠴᠢᠷᠪᠠᠨᠢ ᠶᠢᠨ ᠶᠡᠬᠡ ᠡᠭᠡᠰᠢᠭᠯᠡᠨ︾ ᠢᠷᠠᠭᠤ ᠨᠠᠶᠢᠷᠠᠭ ᠤᠨ ᠤᠷᠤᠯᠳᠤᠭᠠᠨ ᠵᠠᠷᠯᠠᠯ᠎ᠠ᠃ ᠡᠨᠡ ᠤᠳᠠᠭ᠎ᠠ ᠶᠢᠨ ᠨᠠᠭᠠᠳᠤᠮ ᠢ ᠵᠠᠪᠬᠠᠨ ᠠᠶᠢᠮᠠᠭ ᠤᠨ ᠵᠠᠰᠠᠭ ᠳᠠᠷᠤᠭ᠎ᠠ᠂ ᠲᠡᠭᠦᠨ ᠦ ᠲᠠᠮᠠᠭ᠎ᠠ ᠶᠢᠨ ᠭᠠᠵᠠᠷ᠂ ᠮᠣᠩᠭᠣᠯ ᠤᠨ ᠵᠣᠬᠢᠶᠠᠯᠴᠢᠳ ᠤᠨ ᠡᠪᠯᠡᠯ᠂ ᠵᠠᠪᠬᠠᠨ ᠠᠶᠢᠮᠠᠭ ᠤᠨ ᠤᠳᠬ᠎ᠠ ᠵᠣᠬᠢᠶᠠᠯ ᠤᠨ ᠨᠢᠭᠡᠳᠦᠯ᠂ ᠠᠯᠳᠠᠷᠬᠠᠭᠠᠨ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠬᠠᠮᠲᠤᠷᠠᠨ ᠵᠣᠬᠢᠶᠠᠵᠤ ᠪᠠᠶᠢᠨ᠎ᠠ᠃

ᠢᠷᠠᠭᠤ ᠦᠭᠡᠰ ᠦᠨ ᠨᠠᠭᠠᠳᠤᠮ ᠬᠣᠶᠠᠷ ᠦᠶ᠎ᠡ ᠱᠠᠲᠤ ᠲᠠᠢ ᠶᠠᠪᠤᠭᠳᠠᠬᠤ ᠶᠤᠮ᠃ ᠤᠷᠤᠯᠳᠤᠭᠠᠨ ᠳᠤ ᠰᠢᠯᠦᠭ᠂ ᠢᠷᠠᠭᠤ ᠨᠠᠶᠢᠷᠠᠭ ᠰᠣᠨᠢᠷᠬᠠᠨ ᠪᠢᠴᠢᠳᠡᠭ ᠬᠦᠮᠦᠨ ᠪᠦᠷᠢ ᠤᠷᠤᠯᠴᠠᠬᠤ ᠪᠣᠯᠤᠮᠵᠢ ᠲᠠᠢ ᠃  ᠡᠬᠢᠨ ᠦ ᠰᠢᠯᠭᠠᠷᠠᠭᠤᠯᠤᠯᠲᠠ ᠳᠤ ᠣᠷᠣᠯᠴᠠᠭᠴᠢᠳ ᠰᠡᠭᠦᠯ ᠦᠨ ᠲᠠᠪᠤᠨ ᠵᠢᠯ ᠳᠦ ᠬᠡᠪᠯᠡᠭᠦᠯᠦᠭᠰᠡᠨ ᠢᠷᠠᠭᠤ ᠨᠠᠶᠢᠷᠠᠭ ᠤᠨ ᠨᠣᠮ ᠢᠶᠠᠨ᠂ ᠣᠳᠬᠣᠨᠲᠩᠷᠢ-ᠸᠴᠢᠷᠪᠠᠨᠢ ᠶᠢᠨ ᠣᠷᠣᠨ᠂ ᠬᠤᠲᠤᠭᠲᠤ ᠬᠤᠪᠢᠯᠭᠠᠳ ᠤᠨ ᠲᠤᠬᠠᠢ ᠪᠢᠴᠢᠭᠰᠡᠨ ᠰᠢᠯᠦᠭ᠂ ᠴᠢᠯᠦᠭᠡᠲᠦ ᠰᠡᠳᠦᠪ ᠢᠶᠡᠷ ᠪᠢᠴᠢᠭᠰᠡᠨ ᠨᠢᠭᠡ ᠡᠴᠡ ᠳᠣᠭᠣᠭᠰᠢ ᠦᠭᠡᠢ ᠰᠢᠯᠦᠭ ᠦᠨ ᠬᠠᠮᠲᠤ ᠡᠨᠡ ᠰᠠᠷ᠎ᠠ ᠶᠢᠨ 24 ᠍ ᠦ ᠳᠣᠲᠣᠷ᠎ᠠ ᠮᠣᠩᠭᠣᠯ ᠤᠨ ᠵᠣᠬᠢᠶᠠᠯᠴᠢᠳ ᠤᠨ ᠡᠪᠯᠡᠯ ᠦᠨ ᠪᠠᠶᠢᠷᠢᠨ ᠳᠤ ᠬᠦᠷᠭᠡᠵᠦ ᠥᠭᠭᠦᠨ᠎ᠡ᠃ ᠨᠢᠭᠡᠳᠦᠭᠡᠷ ᠱᠠᠲᠤᠨ ᠳᠤ ᠢᠷᠡᠭᠦᠯᠦᠭᠰᠡᠨ ᠪᠦᠲᠦᠭᠡᠯ ᠡᠴᠡ ᠰᠢᠭᠦᠭᠴᠢᠳ ᠦᠨ ᠪᠦᠷᠢᠯᠳᠦᠬᠦᠨ 36 ᠰᠢᠯᠢᠳᠡᠭ ᠢᠷᠠᠭᠤ ᠨᠠᠶᠢᠷᠠᠭ ᠢ ᠰᠢᠯᠭᠠᠷᠠᠭᠤᠯᠤᠨ᠎ᠠ᠃ ᠰᠢᠯᠢᠳᠡᠭ ᠢᠶᠡᠷ ᠰᠢᠯᠭᠠᠷᠠᠭᠰᠠᠨ 36 ᠨᠠᠶᠢᠷᠠᠭᠴᠢ ᠵᠢᠷᠭᠤᠳᠤᠭᠠᠷ ᠰᠠᠷ᠎ᠠ ᠶᠢᠨ 6 -7 ᠳᠦ ᠵᠠᠪᠬᠠᠨ ᠠᠶᠢᠮᠠᠭ ᠤᠨ ᠯ∙ᠸᠠᠩᠭᠠᠨ ᠤ ᠨᠡᠷᠡᠮᠵᠢᠲᠦ ᠬᠥᠭᠵᠢᠮᠲᠦ ᠵᠦᠴᠦᠭᠡ ᠶᠢᠨ ᠲᠢᠶᠠᠲ᠋ᠷ ᠤᠨ ᠲᠠᠶᠢᠰᠠᠨ᠎ᠠ ᠰᠢᠯᠦᠭ ᠢᠶᠡᠨ ᠤᠩᠰᠢᠨ᠎ᠠ᠃ ᠨᠠᠭᠠᠳᠤᠮ ᠨᠢ 10 ᠢᠷᠠᠭᠤ ᠨᠠᠶᠢᠷᠠᠭᠴᠢ ᠶᠢ ᠰᠢᠯᠭᠠᠷᠠᠭᠤᠯᠵᠤ᠂ ᠲᠡᠷᠢᠭᠦᠨ ᠪᠠᠶᠢᠷᠢ ᠶᠢᠨ ᠡᠵᠡᠨ ᠢ ᠳᠣᠷᠣᠨ᠎ᠠ ᠶᠢᠨ ᠶᠡᠬᠡ ᠢᠷᠠᠭᠤ ᠨᠠᠶᠢᠷᠠᠭᠴᠢ ᠪ∙ᠶᠠᠪᠤᠭᠤᠬᠤᠯᠠᠩ ᠤᠨ  ︽ᠬᠤᠲᠤᠭᠲᠤ ᠶᠢᠨ  ᠬᠡᠰᠢᠭᠲᠦ ︾ ᠢᠷᠠᠭᠤ ᠨᠠᠶᠢᠷᠠᠭᠴᠢ ᠪᠠᠷ ᠡᠷᠭᠦᠮᠵᠢᠯᠡᠬᠦ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ