ᠤᠯᠤᠰ ᠤᠨ ᠶᠡᠬᠡ ᠬᠤᠷᠠᠯ ᠤᠨ ᠭᠡᠰᠢᠭᠦᠨ ᠪ∙ᠫᠦᠷᠪᠦᠳᠣᠷᠵᠢ ᠲᠠᠢ ᠶᠠᠷᠢᠯᠴᠠᠯ᠎ᠠ᠃
– ︽ᠺᠠᠽᠢᠨᠣ᠋ ᠍ ᠶᠢᠨ ᠲᠤᠬᠠᠢ ︾ ᠬᠠᠤᠯᠢ ᠶᠢᠨ ᠲᠥᠰᠥᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠢ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠭᠦᠯᠬᠦ ᠪᠡᠯᠡᠳᠬᠡᠯ ᠬᠠᠩᠭᠠᠬᠤ᠂ ᠰᠠᠨᠠᠯ ᠳ᠋ᠦᠩᠨᠡᠯᠲᠡ ᠶᠢᠨ ᠲᠥᠰᠥᠯ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠦᠨ ᠬᠤᠷᠠᠯᠳᠤᠭᠠᠨ ᠥᠴᠥᠭᠡᠳᠦᠷ ᠪᠣᠯᠤᠯ᠎ᠠ᠃ ᠲᠠ ᠤᠭ ᠠᠵᠢᠯ ᠤᠨ ᠬᠡᠰᠡᠭ ᠲᠦ ᠪᠤᠢ᠃ ᠡᠨᠡᠬᠦ ᠬᠠᠤᠯᠢ ᠶᠢ ᠶᠠᠭᠠᠬᠢᠭᠠᠳ ᠡᠷᠭᠦᠨ ᠪᠠᠷᠢᠬᠤ ᠪᠠᠷ ᠪᠣᠯᠪᠠ ︖
– ᠡᠨᠡᠬᠦ ᠬᠠᠤᠯᠢ 2014 ᠣᠨ ᠳᠤ ᠡᠷᠭᠦᠨ ᠪᠠᠷᠢᠭᠳᠠᠭᠰᠠᠨ᠃ ᠲᠤᠬᠠᠢ ᠶᠢᠨ ᠦᠶ᠎ᠡ ᠳᠦ ᠪᠢ ᠢᠷᠭᠡᠨ ᠦ ᠬᠠᠷᠢᠶᠠᠯᠠᠯ᠂ ᠰᠢᠯᠵᠢᠯᠲᠡ ᠬᠥᠳᠡᠯᠭᠡᠭᠡᠨ ᠦ ᠶᠡᠷᠦᠩᠬᠡᠢ ᠭᠠᠵᠠᠷ ᠤᠨ ᠳᠠᠷᠤᠭ᠎ᠠ ᠪᠠᠶᠢᠬᠤ ᠳᠤ ᠪᠠᠨ ᠵᠠᠰᠠᠭ ᠤᠨ ᠭᠠᠵᠠᠷ ᠤᠨ ᠡᠷᠭᠦᠨ ᠪᠠᠷᠢᠭᠰᠠᠨ ᠡᠨᠡᠬᠦ ᠬᠠᠤᠯᠢ ᠶᠢᠨ ᠠᠵᠢᠯ ᠤᠨ ᠬᠡᠰᠡᠭ ᠲᠦ ᠨᠢ ᠣᠷᠣᠵᠤ ᠠᠵᠢᠯᠯᠠᠵᠤ ᠪᠠᠶᠢᠭᠰᠠᠨ᠃ ᠬᠠᠷᠢᠨ ᠥᠨᠥᠳᠥᠷ ᠤᠯᠤᠰ ᠤᠨ ᠶᠡᠬᠡ ᠬᠤᠷᠠᠯ ᠤᠨ ᠭᠡᠰᠢᠭᠦᠨ ᠦ ᠬᠤᠪᠢ ᠪᠠᠷ ᠠᠵᠢᠯ ᠤᠨ ᠬᠡᠰᠡᠭ ᠲᠦ ᠨᠢ ᠣᠷᠣᠭᠠᠳ ᠶᠠᠪᠤᠵᠤ ᠪᠠᠶᠢᠨ᠎ᠠ᠃ ᠺᠠᠽᠢᠨᠣ᠋ ᠍ ᠶᠢᠨ ᠬᠠᠤᠯᠢ ᠶᠢ ᠡᠷᠭᠦᠨ ᠪᠠᠷᠢᠬᠤ ᠶᠢ ᠮᠢᠨᠦ ᠬᠤᠪᠢ ᠳᠤ ᠳᠡᠮᠵᠢᠳᠡᠭ᠃ ᠤᠴᠢᠷ ᠨᠢ ᠠᠶᠠᠯᠠᠯ ᠵᠢᠭᠤᠯᠴᠢᠯᠠᠯ ᠢ ᠳᠡᠮᠵᠢᠬᠦ᠂ ᠡᠳ᠋ ᠍ ᠦᠨ ᠵᠠᠰᠠᠭ ᠤᠨ ᠬᠦᠭᠵᠢᠯ ᠳᠦ ᠲᠣᠳᠣᠷᠬᠠᠢ ᠬᠡᠮᠵᠢᠶ᠎ᠡ ᠪᠡᠷ ᠣᠷᠣᠯᠭ᠎ᠠ ᠨᠡᠮᠡᠭᠳᠡᠭᠦᠯᠬᠦ ᠳᠦ ᠮᠠᠰᠢ ᠬᠡᠷᠡᠭ ᠲᠡᠢ ᠵᠦᠢᠯ ᠭᠡᠵᠦ ᠬᠠᠷᠠᠳᠠᠭ᠃ ᠤᠭ ᠬᠠᠤᠯᠢ ᠶᠢᠨ ᠲᠥᠰᠥᠯ ᠢ ᠦᠶ᠎ᠡ ᠦᠶ᠎ᠡ ᠶᠢᠨ ᠤᠯᠤᠰ ᠤᠨ ᠶᠡᠬᠡ ᠬᠤᠷᠠᠯ ᠠᠷᠠᠳ ᠲᠦᠮᠡᠨ ᠦ ᠬᠡᠯᠡ ᠠᠮᠠᠨ ᠠᠴᠠ ᠪᠣᠯᠭᠣᠮᠵᠢᠯᠠᠵᠤ ᠬᠣᠶᠢᠰᠢ ᠨᠢ ᠲᠠᠯᠪᠢᠬᠤ ᠬᠠᠨᠳᠤᠯᠭ᠎ᠠ ᠲᠠᠢ ᠪᠠᠶᠢᠳᠠᠭ᠃ ᠲᠡᠭᠡᠬᠦ ᠪᠡᠷ ᠠᠵᠢᠯ ᠤᠨ ᠬᠡᠰᠡᠭ ᠢ ᠳᠠᠬᠢᠨ ᠰᠢᠨ᠎ᠡ ᠪᠡᠷ ᠵᠣᠬᠢᠶᠠᠨ ᠪᠠᠶᠢᠭᠤᠯᠤᠭᠰᠠᠨ᠃
– ᠡᠨᠡ ᠬᠠᠤᠯᠢ ᠳᠤ ᠺᠠᠽᠢᠨᠣ᠋ ᠍ ᠶᠢ ᠬᠠᠮᠢᠭ᠎ᠠ ᠪᠠᠶᠢᠭᠤᠯᠬᠤ ᠪᠠᠷ ᠲᠤᠰᠬᠠᠵᠤ ᠪᠠᠶᠢᠭ᠎ᠠ ᠪᠤᠢ᠃ ᠶᠠᠭ ᠶᠠᠮᠠᠷ ᠲᠣᠳᠣᠷᠬᠠᠢ ᠵᠣᠬᠢᠴᠠᠭᠤᠯᠤᠯᠲᠠ ᠨᠤᠭᠤᠳ ᠣᠷᠣᠭᠰᠠᠨ ᠪᠣᠯ ︖
– ᠺᠠᠽᠢᠨᠣ᠋ ᠶᠢᠨ ᠪᠠᠷᠢᠯᠭ᠎ᠠ ᠪᠠᠶᠢᠭᠤᠯᠤᠮᠵᠢ ᠭᠡᠬᠦ ᠪᠡᠷ ᠬᠦᠮᠦᠰ ᠠᠰᠤᠷᠤ ᠲᠣᠮᠣ ᠵᠦᠢᠯ ᠭᠡᠵᠦ ᠣᠶᠢᠯᠠᠭᠠᠭᠠᠳ ᠪᠠᠶᠢᠳᠠᠭ᠃ ᠲᠡᠶᠢᠮᠦ ᠪᠢᠰᠢ᠃ ᠧᠦ᠋ᠷᠣᠫᠠ ᠳᠤ ᠪᠣᠯ ᠲᠣᠮᠣᠬᠠᠨ ᠪᠠᠷᠢᠯᠭ᠎ᠠ ᠪᠠᠶᠢᠭᠤᠯᠤᠮᠵᠢ ᠶᠢᠨ ᠨᠢᠭᠡ ᠳᠠᠪᠬᠤᠷ ᠲᠤ ᠯᠠ ᠺᠠᠽᠢᠨᠣ᠋ ᠪᠠᠶᠢᠷᠢᠯᠠᠵᠤ ᠪᠠᠶᠢᠬᠤ ᠵᠢᠱᠢᠶ᠎ᠡ ᠲᠡᠢ᠃ ᠮᠠᠨᠠᠶᠢᠬᠢ ᠪᠠᠷ ᠪᠣᠯ ︽ᠤᠯᠠᠭᠠᠨᠪᠠᠭᠠᠲᠤᠷ︾ ᠵᠣᠴᠢᠳ ᠪᠠᠭᠤᠳᠠᠯ ᠤᠨ ᠨᠢᠭᠡ ᠳᠠᠪᠬᠤᠷ ᠲᠤ ᠪᠠᠭᠲᠠᠬᠤ ᠪᠠᠷ ᠯᠠ ᠬᠡᠮᠵᠢᠶ᠎ᠡ ᠲᠡᠢ ᠭᠠᠵᠠᠷ ᠺᠠᠽᠢᠨᠣ᠋ ᠍ ᠶᠢᠨ ᠦᠢᠯᠡ ᠠᠵᠢᠯᠯᠠᠭ᠎ᠠ ᠡᠷᠬᠢᠯᠡᠭᠡᠳ ᠶᠠᠪᠤᠵᠤ ᠪᠠᠶᠢᠭ᠎ᠠ ᠭᠡᠰᠡᠨ ᠦᠭᠡ᠃
ᠡᠨᠡ ᠬᠠᠤᠯᠢ ᠪᠠᠷ ᠺᠠᠽᠢᠨᠣ᠋ ᠍ ᠶᠢᠨ ᠪᠠᠶᠢᠷᠢᠰᠢᠯ ᠤᠳ ᠢ ᠲᠣᠳᠣᠷᠬᠠᠢ ᠵᠢᠭᠠᠵᠤ ᠥᠭᠬᠦ ᠦᠭᠡᠢ᠃ ᠶᠡᠷᠦᠩᠬᠡᠢ ᠳᠦ ᠪᠡᠨ ᠡᠨᠡ ᠬᠠᠤᠯᠢ ᠶᠢᠨ ᠠᠵᠢᠯ ᠤᠨ ᠬᠡᠰᠡᠭ ᠦᠨ ᠭᠡᠰᠢᠭᠦᠳ ᠤᠯᠠᠭᠠᠨᠪᠠᠭᠠᠲᠤᠷ ᠪᠣᠯᠤᠨ ᠠᠯᠲᠠᠨᠪᠤᠯᠠᠭ᠂ ᠵᠠᠮ ᠤᠨ-ᠡᠭᠦᠳᠡ ᠳᠦ ᠺᠠᠽᠢᠨᠣ᠋ ᠪᠠᠶᠢᠭᠤᠯᠬᠤ ᠲᠤᠬᠠᠢ ᠶᠠᠷᠢᠵᠤ ᠪᠠᠶᠢᠭ᠎ᠠ᠃ ᠡᠭᠦᠨ ᠳᠦ ᠲᠣᠳᠣᠷᠬᠠᠢ ᠬᠡᠮᠵᠢᠶᠡᠨ ᠦ ᠲᠤᠰᠬᠠᠢ ᠵᠥᠪᠰᠢᠶᠡᠷᠡᠯ ᠢ ᠣᠯᠭᠤᠨ᠎ᠠ᠃ ᠵᠥᠪᠰᠢᠶᠡᠷᠡᠯ ᠦᠨ ᠬᠤᠷᠢᠶᠠᠮᠵᠢ ᠨᠢ ᠥᠨᠳᠥᠷ ᠲᠣᠭᠲᠠᠭᠠᠭᠳᠠᠬᠤ ᠪᠠᠷ ᠶᠠᠷᠢᠭᠳᠠᠵᠤ ᠪᠠᠶᠢᠨ᠎ᠠ᠃
– ᠲᠠᠨ ᠤ ᠬᠤᠪᠢ ᠳᠤ ᠺᠠᠽᠢᠨᠣ᠋ ᠍ ᠶᠢᠨ ᠲᠤᠬᠠᠢ ᠬᠠᠤᠯᠢ ᠳᠤ ᠶᠠᠮᠠᠷ ᠵᠠᠷᠴᠢᠮ ᠪᠠᠷᠢᠮᠲᠠᠯᠠᠵᠤ᠂ ᠦᠵᠡᠯ ᠪᠣᠳᠣᠯ ᠢᠶᠠᠨ ᠲᠤᠰᠬᠠᠵᠤ ᠪᠠᠶᠢᠭ᠎ᠠ ᠪᠤᠢ ︖
– ᠪᠢ ᠮᠣᠩᠭᠣᠯᠴᠤᠳ ᠢ ᠺᠠᠽᠢᠨᠣ᠋ ᠍ ᠳᠤ ᠲᠣᠭᠯᠠᠭᠤᠯᠬᠤ ᠦᠭᠡᠢ ᠪᠠᠶᠢᠬᠤ ᠵᠠᠷᠴᠢᠮ ᠪᠠᠷᠢᠮᠲᠠᠯᠠᠵᠤ ᠪᠠᠶᠢᠨ᠎ᠠ᠃ ᠺᠠᠽᠢᠨᠣ᠋ ᠍ ᠶᠢᠨ ᠬᠣᠣᠷ ᠬᠥᠨᠥᠭᠡᠯ᠂ ᠰᠥᠷᠭᠦ ᠦᠷ᠎ᠡ ᠳᠠᠭᠠᠪᠤᠷᠢ ᠪᠣᠳᠠᠲᠤ ᠪᠠᠷ ᠨᠥᠯᠦᠭᠡᠯᠡᠵᠦ ᠮᠠᠭᠠᠳ ᠦᠭᠡᠢ ᠭᠡᠵᠦ ᠦᠵᠡᠵᠦ ᠪᠠᠶᠢᠭ᠎ᠠ ᠃ ᠮᠣᠩᠭᠣᠯᠴᠤᠳ ᠢ ᠲᠣᠭᠯᠠᠭᠤᠯᠬᠤ ᠶᠢ ᠵᠥᠪᠰᠢᠶᠡᠷᠡᠭᠰᠡᠨ ᠲᠣᠬᠢᠶᠠᠯᠳᠤᠯ ᠳᠤ ᠪᠢ ᠡᠨᠡ ᠬᠠᠤᠯᠢ ᠶᠢ ᠲᠥᠰᠥᠯ ᠦᠨ ᠠᠵᠢᠯ ᠤᠨ ᠬᠡᠰᠡᠭ ᠲᠦ ᠪᠠᠶᠢᠬᠤ ᠠᠴᠠ ᠲᠠᠲᠠᠭᠠᠯᠵᠠᠨ᠎ᠠ᠃