ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠲᠠᠢ ᠬᠠᠮᠲᠤᠷᠠᠨ  ᠠᠵᠢᠯᠯᠠᠨ᠎ᠠ | News.MN

ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠲᠠᠢ ᠬᠠᠮᠲᠤᠷᠠᠨ  ᠠᠵᠢᠯᠯᠠᠨ᠎ᠠ

ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠶᠢᠨ ᠭᠠᠵᠠᠷ ᠤᠨ ᠬᠠᠮᠲᠤ ᠣᠯᠠᠨ ᠡᠷᠡᠭᠦᠯ ᠮᠡᠨᠳᠦ ᠶᠢᠨ ᠰᠠᠯᠪᠤᠷᠢ ᠶᠢᠨ ᠤᠳᠤᠷᠢᠳᠤᠯᠭ᠎ᠠ ᠶᠢᠨ ᠪᠠᠭ ᠲᠠᠢ ᠬᠠᠮᠲᠤᠷᠠᠨ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠠᠴᠠ ᠳᠠᠷᠠᠭ᠎ᠠ ᠶᠢᠨ ᠲᠠᠪᠤᠨ ᠵᠢᠯ ᠳᠦ ᠪᠠᠷᠢᠮᠲᠠᠯᠠᠬᠤ ᠪᠠᠷ ᠳᠡᠪᠰᠢᠭᠦᠯᠵᠦ ᠪᠤᠢ ᠦᠵᠡᠯ ᠪᠠᠷᠢᠮᠲᠠᠯᠠᠯ᠂ ᠲᠡᠷᠢᠭᠦᠯᠡᠬᠦ ᠴᠢᠭᠯᠡᠯ ᠦᠳ ᠦᠨ ᠲᠠᠯ᠎ᠠ ᠪᠠᠷ ᠥᠴᠥᠭᠡᠳᠦᠷ ᠬᠡᠯᠡᠯᠴᠡᠨ᠂ ᠬᠠᠷᠢᠯᠴᠠᠨ ᠰᠠᠨᠠᠯ ᠰᠣᠯᠢᠯᠴᠠᠵᠠᠢ᠃ ᠬᠡᠯᠡᠯᠴᠡᠭᠦᠯᠭᠡ ᠶᠢᠨ ᠦᠶ᠎ᠡ ᠪᠡᠷ ᠬᠤᠪᠢᠰᠤᠨ ᠥᠭᠡᠷᠡᠴᠢᠯᠡᠭᠳᠡᠵᠦ ᠪᠤᠢ ᠥᠨᠥ ᠶᠢᠨ ᠨᠥᠬᠥᠴᠡᠯ ᠳᠦ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ᠂ ᠡᠷᠡᠭᠦᠯ ᠮᠡᠨᠳᠦ ᠶᠢᠨ ᠶᠠᠮᠤᠨ ᠴᠢᠨᠠᠭᠰᠢᠳᠠ ᠬᠠᠮᠲᠤᠷᠠᠨ ᠠᠵᠢᠯᠯᠠᠬᠤ ᠪᠣᠯᠤᠮᠵᠢ ᠨᠤᠭᠤᠳ ᠢ ᠮᠣᠩᠭᠣᠯ ᠤᠯᠤᠰ ᠤᠨ ᠪᠣᠳᠠᠲᠤ ᠵᠢᠱᠢᠶ᠎ᠡ᠂ ᠲᠤᠷᠰᠢᠯᠭ᠎ᠠ ᠳᠡᠭᠡᠷ᠎ᠡ ᠦᠨᠳᠦᠰᠦᠯᠡᠨ ᠵᠥᠪᠰᠢᠯᠴᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ