ᠦᠵᠡᠯ ᠪᠠᠷᠢᠮᠲᠠᠯᠠᠯ ᠢᠶᠠᠨ ᠲᠠᠨᠢᠯᠴᠠᠭᠤᠯᠬᠤ ᠠᠶᠠᠨ ᠡᠬᠢᠯᠡᠯ᠎ᠡ | News.MN

ᠦᠵᠡᠯ ᠪᠠᠷᠢᠮᠲᠠᠯᠠᠯ ᠢᠶᠠᠨ ᠲᠠᠨᠢᠯᠴᠠᠭᠤᠯᠬᠤ ᠠᠶᠠᠨ ᠡᠬᠢᠯᠡᠯ᠎ᠡ

ᠠᠷᠠᠳᠴᠢᠯᠠᠭᠰᠠᠨ ᠨᠠᠮ ᠤᠨ ᠦᠵᠡᠯ ᠪᠠᠷᠢᠮᠲᠠᠯᠠᠯ ᠢ ᠲᠠᠨᠢᠭᠤᠯᠬᠤ ᠰᠤᠷᠭᠠᠯᠲᠠ᠂ ᠰᠤᠷᠲᠠᠯᠴᠢᠯᠠᠭᠠᠨ ᠤ ᠦᠨᠳᠦᠰᠦᠨ ᠦ ᠭᠤᠷᠪᠠᠳᠤᠭᠠᠷ ᠠᠶᠠᠨ ᠬᠡᠨᠲᠡᠢ ᠠᠶᠢᠮᠠᠭ ᠠᠴᠠ ᠡᠬᠢᠯᠡᠯ᠎ᠡ᠃ ᠠᠶᠠᠨ ᠤ ᠬᠦᠷᠢᠶᠡᠨ ᠳᠦ ᠨᠠᠮ ᠤᠨ ᠭᠡᠰᠢᠭᠦᠳ᠂ ᠳᠡᠮᠵᠢᠭᠴᠢᠳ᠂ ᠣᠷᠣᠨ ᠨᠤᠲᠤᠭ ᠤᠨ ᠢᠷᠭᠡᠳ ᠲᠡᠢ ᠠᠭᠤᠯᠵᠠᠵᠤ᠂ ᠰᠠᠨᠠᠯ ᠪᠣᠳᠣᠯ ᠢ ᠨᠢ ᠰᠣᠨᠣᠰᠬᠤ ᠶᠢᠨ ᠵᠡᠷᠭᠡᠴᠡᠭᠡ ᠦᠵᠡᠯ ᠪᠠᠷᠢᠮᠲᠠᠯᠠᠯ ᠢᠶᠠᠨ ᠲᠠᠨᠢᠯᠴᠠᠭᠤᠯᠵᠤ᠂ ᠮᠣᠩᠭᠣᠯ ᠤᠯᠤᠰ ᠤᠨ ᠨᠡᠶᠢᠭᠡᠮ᠂ ᠡᠳ᠋ ᠍ ᠦᠨ ᠵᠠᠰᠠᠭ ᠤᠨ ᠥᠨᠥ ᠶᠢᠨ ᠨᠥᠬᠥᠴᠡᠯ ᠪᠠᠶᠢᠳᠠᠯ ᠤᠨ ᠲᠠᠯ᠎ᠠ ᠪᠠᠷ ᠮᠡᠳᠡᠭᠡᠯᠡᠯ ᠬᠦᠷᠭᠡᠭᠰᠡᠨ ᠶᠤᠮ᠃ ᠮᠥᠨ ᠡᠨᠡ ᠦᠶ᠎ᠡ ᠪᠡᠷ ᠠᠷᠠᠳᠴᠢᠯᠠᠯ ᠤᠨ ᠦᠢᠯᠡ ᠬᠡᠷᠡᠭ ᠲᠦ ᠣᠷᠣᠭᠤᠯᠤᠭᠰᠠᠨ ᠬᠤᠪᠢ ᠨᠡᠮᠡᠷᠢ ᠶᠢ ᠨᠢ ᠦᠨᠡᠯᠡᠵᠦ᠂ ᠵᠠᠷᠢᠮ ᠭᠡᠰᠢᠭᠦᠳ ᠢ ᠱᠠᠩᠨᠠᠵᠤ ᠤᠷᠮᠠᠰᠢᠭᠤᠯᠤᠯ᠎ᠠ᠃
ᠠᠷᠠᠳᠴᠢᠯᠠᠭᠰᠠᠨ ᠨᠠᠮ ᠤᠨ ᠳᠠᠷᠤᠭ᠎ᠠ ᠰ∙ᠡᠷᠳᠡᠨᠢ᠂ ᠠᠷᠠᠳᠴᠢᠯᠠᠭᠰᠠᠨ ᠨᠠᠮ ᠤᠨ ᠳᠡᠳ᠋ ᠳᠠᠷᠤᠭ᠎ᠠ ᠽ ∙ ᠨᠠᠷᠠᠨᠲᠤᠶᠠᠭ᠎ᠠ᠂ ᠠᠷᠠᠳᠴᠢᠯᠠᠭᠰᠠᠨ ᠡᠮᠡᠭᠲᠡᠶᠢᠴᠦᠳ ᠦᠨ ᠬᠤᠯᠪᠤᠭᠠᠨ ᠍ ᠤ ᠶᠡᠷᠦᠩᠬᠡᠶᠢᠯᠡᠭᠴᠢ ᠰ∙ᠣᠳᠣᠨᠲᠤᠶᠠᠭ᠎ᠠ᠂ ᠠᠷᠠᠳᠴᠢᠯᠠᠭᠰᠠᠨ ᠵᠠᠯᠠᠭᠤᠴᠤᠳ ᠤᠨ ᠬᠤᠯᠪᠤᠭᠠᠨ  ᠤ ᠶᠡᠷᠦᠩᠬᠡᠶᠢᠯᠡᠭᠴᠢ ᠰ∙ᠡᠷᠳᠡᠨᠢᠪᠤᠯᠤᠳ ᠂ ᠠᠷᠠᠳᠴᠢᠯᠠᠭᠰᠠᠨ ᠨᠠᠮ ᠤᠨ ᠨᠠᠷᠢᠨ ᠪᠢᠴᠢᠭ ᠦᠨ ᠳᠠᠷᠤᠭ᠎ᠠ ᠣ᠊∙ᠮᠠᠩᠨᠠᠢ᠂ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠵᠥᠪᠯᠡᠯ ᠦᠨ ᠡᠳ᠋ ᠍ ᠦᠨ ᠵᠠᠰᠠᠭ ᠤᠨ ᠵᠦᠪᠯᠡᠬᠦ ᠷ∙ᠳᠠᠸᠠᠳᠣᠷᠵᠢ ᠨᠠᠷ ᠤᠨ ᠬᠣᠯᠪᠣᠭᠳᠠᠬᠤ ᠠᠯᠪᠠᠨ ᠤ ᠬᠦᠮᠦᠰ ᠡᠨᠡ ᠰᠠᠷ᠎ᠠ ᠶᠢᠨ 11-15 ᠍ ᠤ ᠡᠳᠦᠷ ᠦᠳ ᠲᠦ ᠣᠷᠣᠨ ᠨᠤᠲᠤᠭ ᠲᠤ ᠠᠵᠢᠯᠯᠠᠨ᠎ᠠ᠃
ᠥᠩᠭᠡᠷᠡᠭᠰᠡᠨ ᠭᠤᠷᠪᠠᠨ ᠵᠢᠯ ᠳᠦ ᠡᠷᠬᠡ ᠪᠠᠷᠢᠭᠴᠢᠳ ᠬᠡᠨᠲᠡᠢ ᠠᠶᠢᠮᠠᠭ ᠲᠤ ᠬᠢᠭᠰᠡᠨ ᠳᠣᠷᠪᠢᠲᠠᠢ ᠠᠵᠢᠯ ᠦᠭᠡᠢ ᠪᠦᠷᠢᠨ ᠡᠷᠬᠡ ᠶᠢᠨ ᠢᠶᠡᠨ ᠬᠤᠭᠤᠴᠠᠭ᠎ᠠ ᠶᠢ ᠳᠠᠭᠤᠰᠬᠠᠵᠤ ᠪᠠᠶᠢᠭ᠎ᠠ ᠶᠢ ᠢᠷᠭᠡᠳ ᠰᠠᠨᠠᠭᠤᠯᠵᠤ ᠪᠠᠶᠢᠨ᠎ᠠ᠃ ᠲᠤᠬᠠᠶᠢᠯᠠᠪᠠᠯ᠂ ᠵᠢᠷᠭᠠᠯᠲᠤᠬᠠᠨ ᠰᠤᠮᠤ ᠶᠢᠨ ᠰᠣᠶᠣᠯ ᠤᠨ ᠲᠥᠪ ᠢ ᠵᠠᠰᠠᠪᠤᠷᠢᠯᠠᠬᠤ ᠳᠤ 170 ᠰᠠᠶ᠎ᠠ ᠲᠥᠭᠦᠷᠢᠭ᠂ ᠮᠥᠷᠡᠨ ᠰᠤᠮᠤᠨ ᠳᠤ ᠬᠠᠯᠠᠭᠤᠨ ᠤᠰᠤ ᠪᠠᠷᠢᠬᠤ ᠳᠤ 50 ᠰᠠᠶ᠎ᠠ ᠲᠥᠭᠦᠷᠢᠭ ᠲᠤᠰ ᠲᠤᠰ ᠲᠥᠰᠦᠪᠯᠡᠭᠰᠡᠨ᠃ ᠲᠡᠭᠦᠨᠴᠢᠯᠡᠨ ᠬᠡᠨᠲᠡᠢ ᠠᠶᠢᠮᠠᠭ ᠲᠤ ᠮᠢᠬ᠎ᠠ ᠪᠣᠯᠪᠠᠰᠤᠷᠠᠭᠤᠯᠬᠤ ᠦᠢᠯᠡᠳᠪᠦᠷᠢ ᠲᠡᠢ ᠠᠲᠠᠯ᠎ᠠ ᠪᠠᠨ ᠮᠢᠬᠠᠨ ᠤ ᠦᠨ᠎ᠡ ᠤᠯᠠᠭᠠᠨᠪᠠᠭᠠᠲᠤᠷ ᠬᠤᠲᠠ ᠶᠢᠨ ᠬᠢ ᠠᠴᠠ ᠢᠯᠭᠠᠭ᠎ᠠ ᠦᠭᠡᠢ ᠪᠠᠶᠢᠭ᠎ᠠ ᠶᠢ ᠢᠷᠭᠡᠳ ᠬᠡᠯᠡᠵᠦ ᠪᠠᠶᠢᠨ᠎ᠠ᠃ ᠡᠷᠬᠡ ᠪᠠᠷᠢᠭᠴᠢᠳ ᠡᠳ᠋ ᠍ ᠦᠨ ᠵᠠᠰᠠᠭ ᠥᠰᠦᠭᠰᠡᠨ ᠭᠡᠵᠦ ᠶᠠᠷᠢᠵᠤ ᠪᠠᠶᠢᠭ᠎ᠠ ᠴᠤ ᠠᠷᠠᠳ ᠲᠦᠮᠡᠨ  ᠦᠭᠭᠦᠭᠡᠵᠢ ᠶᠢ ᠨᠢ ᠪᠣᠳᠠᠲᠤ ᠠᠮᠢᠳᠤᠷᠠᠯ ᠳᠡᠭᠡᠷ᠎ᠡ ᠬᠦᠷᠲᠡᠵᠦ ᠴᠢᠳᠠᠬᠤ ᠦᠭᠡᠢ ᠪᠠᠶᠢᠭ᠎ᠠ ᠳᠤ ᠪᠤᠬᠢᠨᠢᠲᠤᠵᠤ ᠪᠠᠶᠢᠭ᠎ᠠ ᠪᠠᠨ ᠢᠯᠡᠷᠬᠡᠶᠢᠯᠡᠵᠦ ᠪᠠᠶᠢᠯ᠎ᠠ᠃

ᠰᠡᠳᠬᠢᠭᠳᠡᠯ ᠦᠯᠡᠳᠡᠭᠡᠬᠦ