ᠬᠢᠲᠠᠳ ᠬᠥᠭᠵᠢᠯ ᠦᠨ ᠪᠠᠩᠬᠢᠨ ᠳᠤ ᠳᠠᠭᠠᠳᠬᠠᠯ ᠤᠨ ᠳᠡᠮᠵᠢᠯᠭᠡ ᠦᠵᠡᠭᠦᠯᠦᠨ᠎ᠡ | News.MN

ᠬᠢᠲᠠᠳ ᠬᠥᠭᠵᠢᠯ ᠦᠨ ᠪᠠᠩᠬᠢᠨ ᠳᠤ ᠳᠠᠭᠠᠳᠬᠠᠯ ᠤᠨ ᠳᠡᠮᠵᠢᠯᠭᠡ ᠦᠵᠡᠭᠦᠯᠦᠨ᠎ᠡ

ᠪᠡᠭᠡᠵᠢᠩ ᠳᠦ ᠪᠣᠯᠵᠤ ᠥᠩᠭᠡᠷᠡᠭᠰᠡᠨ ︽ᠪᠦᠰᠡ ᠪᠠ ᠵᠠᠮ︾ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠴᠢᠭᠤᠯᠭᠠᠨ ᠤ ᠦᠶ᠎ᠡ ᠪᠡᠷ ᠮᠣᠩᠭᠣᠯ ᠤᠯᠤᠰ ᠤᠨ ᠬᠥᠭᠵᠢᠯ ᠦᠨ ᠪᠠᠩᠬᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠵᠢᠭᠡᠯᠡ ᠶᠢᠨ ᠳᠠᠭᠠᠳᠬᠠᠯ ᠤᠨ ᠺᠤᠷᠫᠤᠷᠠᠼ ᠲᠠᠢ ᠬᠠᠮᠲᠤᠷᠠᠨ ᠠᠵᠢᠯᠯᠠᠬᠤ  ᠭᠡᠷ᠎ᠡ ᠳ᠋ᠥ ᠭᠠᠷ ᠤᠨ ᠦᠰᠦᠭ  ᠵᠢᠷᠤᠵᠤ ᠂ ᠬᠢᠲᠠᠳ ᠲᠠᠯ᠎ᠠ 400 ᠰᠠᠶ᠎ᠠ ᠳ᠋ᠣᠯᠯᠠᠷ ᠤᠨ ᠳᠠᠭᠠᠳᠬᠠᠯ ᠤᠨ ᠳᠡᠮᠵᠢᠯᠭᠡ ᠦᠵᠡᠭᠦᠯᠬᠦ ᠪᠡᠷ ᠪᠣᠯᠤᠭᠰᠠᠨ ᠪᠠᠶᠢᠨ᠎ᠠ᠃
ᠭᠡᠷ᠎ᠡ ᠪᠠᠶᠢᠭᠤᠯᠤᠭᠳᠠᠭᠰᠠᠨ ᠢᠶᠠᠷ ᠮᠣᠩᠭᠣᠯ ᠤᠯᠤᠰ ᠤᠨ ᠡᠳ᠋ ᠦᠨ ᠵᠠᠰᠠᠭ ᠤᠨ ᠲᠡᠷᠢᠭᠦᠯᠡᠬᠦ ᠠᠴᠢ ᠬᠣᠯᠪᠣᠭᠳᠠᠯ ᠪᠦᠬᠦᠢ ᠲᠥᠰᠥᠯ᠂ ᠬᠥᠲᠥᠯᠪᠦᠷᠢ ᠨᠦᠭᠦᠳ ᠢ ᠬᠢᠲᠠᠳ ᠤᠨ ᠡᠺᠰᠫᠣᠷᠲ ᠤᠨ ᠵᠢᠭᠡᠯᠡ ᠶᠢᠨ ᠳᠠᠭᠠᠳᠬᠠᠯ ᠤᠨ  ᠺᠤᠷᠫᠤᠷᠠᠼ ᠤᠨ ᠳᠠᠭᠠᠳᠬᠠᠯ ᠲᠠᠢ ᠪᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠪᠠᠩᠬᠢ᠂ ᠰᠠᠩᠬᠦᠦ ᠶᠢᠨ ᠪᠠᠶᠢᠭᠤᠯᠤᠯᠭ᠎ᠠ ᠨᠤᠭᠤᠳ ᠠᠴᠠ ᠤᠷᠲᠤ ᠬᠤᠭᠤᠴᠠᠭ᠎ᠠ ᠲᠠᠢ᠂ ᠬᠢᠮᠳᠠ ᠡᠬᠢ ᠡᠭᠦᠰᠪᠦᠷᠢ ᠪᠡᠷ  ᠰᠠᠩᠬᠦᠦᠵᠢᠭᠦᠯᠬᠦ ᠪᠣᠯᠤᠮᠵᠢ ᠪᠦᠷᠢᠳᠴᠡᠢ᠃ ᠡᠨᠡ ᠨᠢ ᠬᠣᠶᠠᠷ ᠤᠯᠤᠰ ᠤᠨ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠳᠤ ᠲᠣᠮᠣᠬᠠᠨ ᠲᠦᠯᠬᠢᠴᠡ ᠪᠣᠯᠬᠤ ᠶᠤᠮ᠃

ᠰᠡᠳᠬᠢᠭᠳᠡᠯ ᠦᠯᠡᠳᠡᠭᠡᠬᠦ