ᠶᠡᠷᠦᠩᠬᠡᠢ ᠰᠠᠶᠢᠳ ᠬᠣᠪᠳᠣ ᠠᠶᠢᠮᠠᠭ ᠲᠤ ᠠᠵᠢᠯᠯᠠᠵᠤ ᠪᠠᠶᠢᠨ᠎ᠠ | News.MN

ᠶᠡᠷᠦᠩᠬᠡᠢ ᠰᠠᠶᠢᠳ ᠬᠣᠪᠳᠣ ᠠᠶᠢᠮᠠᠭ ᠲᠤ ᠠᠵᠢᠯᠯᠠᠵᠤ ᠪᠠᠶᠢᠨ᠎ᠠ

ᠶᠡᠷᠦᠩᠬᠡᠢ ᠰᠠᠶᠢᠳ ᠤ᠊∙ᠬᠦᠷᠡᠯᠰᠦ᠋ᠬᠡ ᠣᠯᠠᠨ ᠶᠠᠰᠤᠲᠠᠨ ᠤ ᠥᠯᠥᠭᠡᠢ ᠨᠤᠲᠤᠭ ᠬᠣᠪᠳᠣ ᠠᠶᠢᠮᠠᠭ ᠲᠤ ᠲᠣᠮᠢᠯᠠᠯᠲᠠ ᠪᠠᠷ ᠠᠵᠢᠯᠯᠠᠵᠤ ᠪᠠᠶᠢᠨ᠎ᠠ᠃ ᠲᠡᠷᠡ ᠪᠡᠷ ᠥᠩᠭᠡᠷᠡᠭᠰᠡᠨ ᠵᠢᠯ ᠲᠤᠰ ᠠᠶᠢᠮᠠᠭ ᠲᠤ ᠠᠵᠢᠯᠯᠠᠬᠤ ᠳᠤ ᠪᠠᠨ ᠲᠤᠯᠭᠠᠮᠳᠠᠭᠰᠠᠨ ᠠᠰᠠᠭᠤᠳᠠᠯ ᠤᠳ ᠤᠨ ᠨᠢᠭᠡ ᠪᠣᠯᠬᠤ ᠬᠡᠦᠬᠡᠳ ᠦᠨ ᠰᠢᠨ᠎ᠡ ᠡᠮᠨᠡᠯᠭᠡ ᠪᠠᠶᠢᠭᠤᠯᠬᠤ ᠳᠤ ᠠᠩᠬᠠᠷᠤᠨ᠎ᠠ ᠭᠡᠵᠦ ᠪᠠᠶᠢᠭᠰᠠᠨ ᠶᠤᠮ᠃ ᠥᠩᠭᠡᠷᠡᠭᠰᠡᠨ ᠬᠤᠭᠤᠴᠠᠭᠠᠨ ᠳᠤ ᠡᠮᠨᠡᠯᠭᠡ ᠶᠢᠨ ᠲᠥᠰᠥᠪ᠂ ᠵᠢᠷᠤᠭ ᠲᠥᠰᠥᠯ ᠪᠠᠲᠤᠯᠠᠭᠳᠠᠨ᠂ ᠭᠦᠢᠴᠡᠳᠬᠡᠭᠴᠢ ᠶᠢ ᠨᠢ ᠰᠣᠩᠭᠣᠨ ᠰᠢᠯᠭᠠᠷᠠᠭᠤᠯᠤᠭᠰᠠᠨ ᠪᠠᠶᠢᠨ᠎ᠠ᠃ 50 ᠣᠷᠣ ᠲᠠᠢ ᠬᠡᠦᠬᠡᠳ ᠦᠨ ᠡᠮᠨᠡᠯᠭᠡ ᠶᠢᠨ ᠪᠠᠷᠢᠯᠭ᠎ᠠ ᠶᠢᠨ ᠠᠵᠢᠯ ᠤᠨ ᠨᠡᠭᠡᠭᠡᠯᠲᠡ ᠳᠦ ᠶᠡᠷᠦᠩᠬᠡᠢ ᠰᠠᠶᠢᠳ ᠤᠷᠤᠯᠴᠠᠪᠠ᠃ ᠪᠠᠷᠢᠯᠭ᠎ᠠ ᠶᠢ ᠢᠷᠡᠬᠦ ᠣᠨ ᠤ ᠵᠢᠷᠭᠤᠳᠤᠭᠠᠷ ᠰᠠᠷ᠎ᠠ ᠳᠤ ᠠᠰᠢᠭᠯᠠᠯᠲᠠ ᠳᠤ ᠬᠦᠯᠢᠶᠡᠯᠭᠡᠨ ᠥᠭᠭᠦᠨ᠎ᠡ ᠃

ᠰᠡᠳᠬᠢᠭᠳᠡᠯ ᠦᠯᠡᠳᠡᠭᠡᠬᠦ