25571 ᠰᠠᠭᠤᠳᠠᠯ ᠤᠨ ᠠᠦ᠋ᠲ᠋ᠤ᠋ ᠮᠠᠰᠢᠨ ᠣᠷᠣᠭᠤᠯᠵᠠᠢ | News.MN

25571 ᠰᠠᠭᠤᠳᠠᠯ ᠤᠨ ᠠᠦ᠋ᠲ᠋ᠤ᠋ ᠮᠠᠰᠢᠨ ᠣᠷᠣᠭᠤᠯᠵᠠᠢ

ᠭᠠᠶᠢᠯᠢ ᠶᠢᠨ ᠶᠡᠷᠦᠩᠬᠡᠢ ᠭᠠᠵᠠᠷ ᠠᠴᠠ ᠮᠡᠳᠡᠭᠡᠯᠡᠭᠰᠡᠨ ᠢᠶᠡᠷ᠂ 2019 ᠣᠨ ᠤ ᠡᠬᠢᠨ ᠦ ᠳᠥᠷᠪᠡᠨ ᠰᠠᠷ᠎ᠠ ᠳᠤ ᠲᠡᠭᠡᠭᠡᠪᠦᠷᠢ ᠶᠢᠨ ᠬᠡᠷᠡᠭᠰᠡᠯ ᠦᠨ ᠨᠡᠶᠢᠲᠡ ᠢᠮᠫᠣᠷᠲ 328.8 ᠰᠠᠶ᠎ᠠ ᠳ᠋ᠣᠯᠯᠠᠷ ᠪᠣᠯᠤᠭᠰᠠᠨ ᠪᠠᠶᠢᠨ᠎ᠠ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 15 ᠬᠤᠪᠢ ᠪᠤᠶᠤ 46.1 ᠰᠠᠶ᠎ᠠ ᠳ᠋ᠣᠯᠯᠠᠷ ᠢᠶᠠᠷ ᠥᠰᠦᠭᠰᠡᠨ  ᠳ᠋ᠦᠩ ᠲᠡᠢ ᠪᠠᠶᠢᠭ᠎ᠠ ᠶᠤᠮ᠃ ᠲᠡᠭᠡᠭᠡᠪᠦᠷᠢ ᠶᠢᠨ ᠬᠡᠷᠡᠭᠰᠡᠯ ᠨᠢ ᠨᠡᠶᠢᠲᠡ ᠢᠮᠫᠣᠷᠲ ᠤᠨ 18.6  ᠬᠤᠪᠢ ᠶᠢ ᠪᠦᠷᠢᠳᠦᠭᠦᠯᠵᠦ ᠪᠠᠶᠢᠨ᠎ᠠ᠃
ᠤᠯᠤᠰ ᠤᠨ ᠬᠢᠯᠢ ᠪᠡᠷ ᠰᠠᠭᠤᠳᠠᠯ ᠤᠨ ᠮᠠᠰᠢᠨ 25571 ᠣᠷᠣᠵᠤ ᠢᠷᠡᠭᠰᠡᠨ ᠪᠣᠯ 7251 ᠰᠢᠷᠬᠡᠭ ᠠᠴᠢᠶᠠᠨ ᠤ ᠠᠦ᠋ᠲ᠋ᠤ᠋ ᠮᠠᠰᠢᠨ ᠢᠮᠫᠣᠷᠲᠯᠠᠵᠠᠢ᠃ ᠥᠩᠭᠡᠷᠡᠭᠰᠡᠨ ᠣᠨ ᠤ ᠮᠥᠨ ᠦᠶ᠎ᠡ ᠲᠡᠢ ᠬᠠᠷᠢᠴᠠᠭᠤᠯᠬᠤ ᠳᠤ ᠰᠠᠭᠤᠳᠠᠯ ᠤᠨ ᠠᠦ᠋ᠲ᠋ᠤ᠋ ᠮᠠᠰᠢᠨ ᠤ ᠢᠮᠫᠣᠷᠲ 40 ᠬᠤᠪᠢ ᠪᠠᠷ ᠪᠤᠶᠤ 10 ᠮᠢᠩᠭ᠎ᠠ 207 ᠍ ᠪᠠᠷ᠂ ᠠᠴᠢᠶᠠᠨ ᠤ ᠠᠦ᠋ᠲ᠋ᠤ᠋ ᠮᠠᠰᠢᠨ  ᠤ ᠢᠮᠫᠣᠷᠲ 14  ᠬᠤᠪᠢ ᠪᠠᠷ ᠪᠤᠶᠤ 1669 ᠍ ᠪᠡᠷ ᠲᠤᠰ ᠲᠤᠰ ᠨᠡᠮᠡᠭᠳᠡᠭᠡᠳ ᠪᠠᠶᠢᠨ᠎ᠠ᠃ ᠡᠭᠦᠨ ᠡᠴᠡ ᠭᠠᠳᠠᠨ᠎ᠠ 2019 ᠣᠨ ᠤ ᠡᠬᠢᠨ ᠦ ᠳᠥᠷᠪᠡᠨ ᠰᠠᠷ᠎ᠠ ᠳᠤ 371.1 ᠰᠠᠶ᠎ᠠ ᠳ᠋ᠣᠯᠯᠠᠷ ᠤᠨ ᠮᠠᠰᠢᠨ᠂ ᠲᠣᠨᠣᠭ ᠲᠥᠬᠥᠭᠡᠷᠦᠮᠵᠢ᠂ ᠴᠠᠬᠢᠯᠭᠠᠨ ᠬᠡᠷᠡᠭᠰᠡᠯ᠂ ᠡᠳ᠋ ᠠᠩᠭᠢ ᠢᠮᠫᠣᠷᠲᠯᠠᠵᠠᠢ ᠃ ᠡᠨᠡ ᠨᠢ 2018 ᠣᠨ ᠤ ᠮᠥᠨ ᠦᠶ᠎ᠡ ᠲᠡᠢ ᠬᠠᠷᠢᠴᠠᠭᠤᠯᠬᠤ ᠳᠤ ᠡᠶᠢᠮᠦ ᠲᠥᠷᠥᠯ ᠦᠨ ᠪᠠᠷᠠᠭᠠᠨ ᠤ ᠢᠮᠫᠣᠷᠲ 9.9 ᠰᠠᠶ᠎ᠠ ᠳ᠋ᠣᠯᠯᠠᠷ ᠪᠤᠶᠤ 2.7 ᠬᠤᠪᠢ ᠪᠠᠷ ᠨᠡᠮᠡᠭᠳᠡᠵᠡᠢ᠃

ᠰᠡᠳᠬᠢᠭᠳᠡᠯ ᠦᠯᠡᠳᠡᠭᠡᠬᠦ