ᠵᠢᠦ᠋ᠳᠣ᠋ ᠪᠥᠬᠡ ᠶᠢᠨ ᠲᠡᠮᠡᠴᠡᠭᠡᠨ ᠬᠣᠪᠳᠣ ᠠᠶᠢᠮᠠᠭ ᠲᠤ ᠪᠣᠯᠤᠨ᠎ᠠ | News.MN

ᠵᠢᠦ᠋ᠳᠣ᠋ ᠪᠥᠬᠡ ᠶᠢᠨ ᠲᠡᠮᠡᠴᠡᠭᠡᠨ ᠬᠣᠪᠳᠣ ᠠᠶᠢᠮᠠᠭ ᠲᠤ ᠪᠣᠯᠤᠨ᠎ᠠ

ᠵᠢᠦ᠋ᠳᠣ᠋ ᠪᠥᠬᠡ ᠶᠢᠨ ᠪᠠᠷᠢᠯᠳᠤᠭᠠᠨ ᠤ ᠪᠠᠭ᠎ᠠ᠂ ᠳᠤᠮᠳᠠ ᠨᠠᠰᠤᠨ ᠤ ᠮᠣᠩᠭᠣᠯ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠲᠠᠪᠤᠳᠤᠭᠠᠷ ᠰᠠᠷ᠎ᠠ ᠶᠢᠨ 17-19 ᠍ ᠳᠦ ᠬᠣᠪᠳᠣ ᠠᠶᠢᠮᠠᠭ ᠲᠤ ᠪᠣᠯᠤᠨ᠎ᠠ᠃
ᠲᠤᠰ ᠲᠡᠮᠡᠴᠡᠭᠡᠨ ᠳᠦ 21 ᠠᠶᠢᠮᠠᠭ᠂ ᠨᠡᠶᠢᠰᠯᠡᠯ ᠦᠨ ᠳᠡᠭᠦᠷᠭᠡ ᠶᠢᠨ 44 ᠪᠠᠭ ᠤᠨ 700 ᠣᠷᠴᠢᠮ ᠲᠠᠮᠢᠷᠴᠢᠨ 2005-2007᠂ 2008 ᠣᠨ ᠠᠴᠠ ᠳᠡᠭᠡᠭᠰᠢ ᠭᠡᠰᠡᠨ 2 ᠨᠠᠰᠤᠨ ᠤ ᠠᠩᠭᠢᠯᠠᠯ ᠢᠶᠠᠷ ᠣᠷᠣᠯᠴᠠᠵᠤ᠂ 122 ᠪᠠᠭᠴᠠ ᠮᠧᠳᠠᠯ ᠤᠨ ᠲᠥᠯᠥᠭᠡ ᠥᠷᠢᠰᠦᠯᠳᠦᠨ᠎ᠡ ᠭᠡᠵᠦ ᠠᠯᠪᠠᠨ ᠤ ᠬᠢᠨ ᠮᠡᠳᠡᠭᠡᠯᠡᠯ᠎ᠡ᠃ ᠡᠨᠡᠬᠦ ᠲᠡᠮᠡᠴᠡᠭᠡᠨ ᠳᠦ ᠬᠣᠪᠳᠣ ᠠᠶᠢᠮᠠᠭ ᠠᠴᠠ 48 ᠲᠠᠮᠢᠷᠴᠢᠨ ᠣᠷᠣᠯᠴᠠᠬᠤ ᠪᠠᠷ ᠪᠡᠯᠡᠳᠬᠡᠯ ᠬᠢᠵᠦ ᠪᠠᠶᠢᠨ᠎ᠠ᠃ ᠲᠤᠬᠠᠶᠢᠯᠠᠪᠠᠯ᠂ ᠪᠠᠭ᠎ᠠ ᠨᠠᠰᠤᠨ ᠤ ᠠᠩᠭᠢᠯᠠᠯ ᠳᠤ 18᠂ ᠳᠤᠮᠳᠠ ᠨᠠᠰᠤᠨ ᠤ ᠠᠩᠭᠢᠯᠠᠯ ᠳᠤ 30 ᠬᠡᠦᠬᠡᠳ ᠤᠷᠤᠯᠴᠠᠬᠤ ᠶᠤᠮ ᠃
ᠲᠠᠮᠢᠷᠴᠢᠳ ᠤᠨ ᠳᠠᠰᠬᠠᠯᠵᠢᠭᠤᠯᠤᠭᠴᠢ ᠪᠠᠷ ᠠᠶᠢᠮᠠᠭ ᠤᠨ ᠪᠡᠶ᠎ᠡ ᠶᠢᠨ ᠲᠠᠮᠢᠷ᠂ ᠰᠫᠣᠷᠲ ᠤᠨ ᠭᠠᠵᠠᠷ ᠤᠨ ᠵᠢᠦ᠋ᠳᠣ᠋ ᠪᠥᠬᠡ ᠶᠢᠨ ᠳᠠᠰᠬᠠᠯᠵᠢᠭᠤᠯᠤᠭᠴᠢ᠂ ᠰᠫᠣᠷᠲ ᠤᠨ ᠮᠠᠰᠲ᠋ᠸᠷ ᠰ∙ᠭᠠᠩᠬᠤᠶᠠᠭ᠂ ᠲᠡᠭᠦᠨ ᠦ ᠱᠠᠪᠢ ᠵᠢᠷᠭᠠᠯᠠᠩᠲᠤ ᠰᠤᠮᠤ ᠶᠢᠨ ᠯᠠᠪᠤᠷᠠᠲ᠋ᠣᠷᠢ ᠨᠢᠭᠡᠳᠦᠭᠡᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ᠂ ᠵᠢᠦ᠋ᠳᠣ᠋ ᠪᠥᠬᠡ ᠶᠢᠨ ᠰᠫᠣᠷᠲ ᠤᠨ ᠮᠠᠰᠲ᠋ᠸᠷ ᠭ∙ᠪᠠᠲᠤᠰᠠᠶᠢᠬᠠᠨ ᠨᠠᠷ ᠠᠵᠢᠯᠯᠠᠵᠤ ᠪᠠᠶᠢᠨ᠎ᠠ᠃ ᠡᠨᠡ ᠤᠳᠠᠭ᠎ᠠ ᠶᠢᠨ ᠲᠡᠮᠡᠴᠡᠭᠡᠨ ᠢ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠪᠡᠶ᠎ᠡ ᠶᠢᠨ ᠲᠠᠮᠢᠷ ᠰᠫᠣᠷᠲ ᠤᠨ ᠭᠠᠵᠠᠷ᠂ ᠮᠣᠩᠭᠣᠯ ᠤᠨ ᠵᠢᠦ᠋ᠳᠣ᠋ ᠪᠥᠬᠡ ᠶᠢᠨ ᠬᠣᠯᠪᠣᠭ᠎ᠠ᠂ ᠠᠶᠢᠮᠠᠭ ᠤᠨ ᠵᠢᠦ᠋ᠳᠣ᠋ ᠪᠥᠬᠡ ᠶᠢᠨ ᠬᠣᠯᠪᠣᠭ᠎ᠠ ᠬᠠᠮᠲᠤᠷᠠᠨ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ