︽ᠠᠮᠢᠳᠤᠷᠠᠯ ᠲᠡᠳᠬᠦᠭᠴᠢ-O2︾ ᠪᠠᠯᠧᠲ ᠲᠠᠶᠢᠰᠠᠨ᠎ᠠ ᠠᠮᠢᠯᠠᠨ᠎ᠠ | News.MN

︽ᠠᠮᠢᠳᠤᠷᠠᠯ ᠲᠡᠳᠬᠦᠭᠴᠢ-O2︾ ᠪᠠᠯᠧᠲ ᠲᠠᠶᠢᠰᠠᠨ᠎ᠠ ᠠᠮᠢᠯᠠᠨ᠎ᠠ

ᠮᠣᠩᠭᠣᠯ ᠠᠮᠧᠷᠢᠺᠠ ᠶᠢᠨ ᠪᠠᠯᠧᠲ ᠤᠨ ᠬᠥᠲᠥᠯᠪᠦᠷᠢ ᠨᠢ 2017 ᠣᠨ ᠠᠴᠠ ᠮᠣᠩᠭᠣᠯ ᠤᠯᠤᠰ ᠲᠤ ᠲᠤᠯᠭᠠᠮᠳᠠᠭᠠᠳ ᠪᠠᠶᠢᠭ᠎ᠠ ᠪᠠᠶᠢᠭᠠᠯᠢ ᠣᠷᠴᠢᠨ ᠤ ᠠᠰᠠᠭᠤᠳᠠᠯ ᠢ ᠣᠯᠠᠨ ᠨᠡᠶᠢᠲᠡ ᠳᠦ ᠤᠷᠠᠯᠢᠭ ᠢᠶᠠᠷ ᠳᠠᠮᠵᠢᠭᠤᠯᠤᠨ ᠲᠠᠨᠢᠭᠤᠯᠬᠤ ᠣᠶᠢᠯᠠᠭᠠᠭᠤᠯᠬᠤ ᠰᠠᠨᠠᠭᠠᠴᠢᠯᠠᠭ᠎ᠠ ᠶᠢ ᠡᠬᠢᠯᠡᠭᠦᠯᠵᠡᠢ᠃ ᠡᠨᠡ ᠤᠳᠠᠭ᠎ᠠ ᠳᠤ ᠪᠠᠯᠧᠲ ᠤᠨ ᠤᠷᠠᠯᠢᠭ ᠢᠶᠠᠷ ᠳᠠᠮᠵᠢᠭᠤᠯᠤᠨ ᠠᠭᠠᠷ ᠤᠨ ᠪᠤᠬᠢᠷᠳᠤᠯ ᠪᠠ ᠬᠡᠦᠬᠡᠳ ᠦᠨ ᠡᠷᠡᠭᠦᠯ ᠮᠡᠨᠳᠦ ᠶᠢᠨ ᠰᠡᠳᠦᠪ ᠦᠨ ᠬᠦᠷᠢᠶᠡᠨ ᠳᠦ  ︽ᠠᠮᠢᠳᠤᠷᠠᠯ ᠲᠡᠳᠬᠦᠭᠴᠢ-O2︾ ᠮᠤᠳ᠋ᠸᠷᠡᠨ ᠪᠠᠯᠧᠲ ᠢ ᠲᠠᠪᠤᠳᠤᠭᠠᠷ ᠰᠠᠷ᠎ᠠ ᠶᠢᠨ 19 ᠍ ᠦ ᠡᠳᠦᠷ ︽ ᠺᠤᠷᠫᠤᠷᠸᠢᠢᠲ ᠺᠣᠨᠸᠧᠨᠰᠢᠨ︾ ᠲᠦᠪ ᠲᠦ ᠲᠣᠭᠯᠠᠬᠤ ᠭᠡᠵᠦ ᠪᠠᠶᠢᠨ᠎ᠠ᠃
ᠤᠯᠠᠭᠠᠨᠪᠠᠭᠠᠲᠤᠷ ᠬᠣᠲᠠ ᠶᠢᠨ ᠠᠭᠠᠷ ᠤᠨ ᠪᠤᠬᠢᠷᠳᠤᠯ ᠬᠡᠦᠬᠡᠳ ᠦᠨ ᠡᠷᠡᠭᠦᠯ ᠮᠡᠨᠳᠦ ᠶᠢᠨ ᠲᠤᠯᠭᠠᠮᠳᠠᠭᠰᠠᠨ ᠠᠰᠠᠭᠤᠳᠠᠯ ᠪᠣᠯᠵᠤ᠂ ᠬᠡᠦᠬᠡᠳ ᠪᠣᠯᠤᠨ ᠵᠢᠷᠮᠦᠰᠦᠨ ᠡᠮᠡᠭᠲᠡᠶᠢᠴᠦᠳ ᠢ ᠡᠷᠡᠰᠳᠡᠯ ᠳᠦ ᠤᠷᠤᠭᠤᠯᠬᠤ ᠬᠡᠮᠵᠢᠶᠡᠨ ᠳᠦ  ᠬᠦᠷᠦᠭᠡᠳ ᠪᠠᠶᠢᠭ᠎ᠠ ᠪᠢᠯᠡ᠃ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠡᠦᠬᠡᠳ ᠦᠨ ᠰᠠᠩ ᠂ ᠰᠸᠢᠰ  ᠤᠨ ᠬᠥᠭᠵᠢᠯ ᠦᠨ ᠠᠭᠧᠨᠲᠯᠢᠭ ᠲᠠᠢ ᠬᠠᠮᠲᠤᠷᠠᠨ ᠡᠬᠡ ᠬᠡᠦᠬᠡᠳ ᠦᠨ ᠡᠷᠡᠭᠦᠯ ᠮᠡᠨᠳᠦ ᠶᠢ ᠠᠭᠠᠷ ᠤᠨ  ᠪᠤᠬᠢᠷᠳᠤᠯ ᠤᠨ ᠡᠰᠡᠷᠭᠦ ᠨᠥᠯᠦᠭᠡᠨ ᠡᠴᠡ ᠬᠠᠮᠠᠭᠠᠯᠠᠬᠤ᠂ ᠡᠷᠡᠭᠦᠯ ᠮᠡᠨᠳᠦ ᠶᠢᠨ ᠲᠤᠰᠠᠯᠠᠮᠵᠢ ᠦᠢᠯᠡᠴᠢᠯᠡᠭᠡ ᠶᠢ ᠰᠠᠶᠢᠵᠢᠷᠠᠭᠤᠯᠬᠤ᠂ ᠠᠭᠠᠷ ᠤᠨ ᠪᠤᠬᠢᠷᠳᠤᠯ ᠢ ᠪᠠᠭᠤᠷᠠᠭᠤᠯᠬᠤ ᠴᠢᠭᠯᠡᠯ ᠳᠦ ᠵᠠᠰᠠᠭ ᠤᠨ ᠭᠠᠵᠠᠷ ᠲᠠᠢ ᠬᠠᠮᠲᠤᠷᠠᠨ ᠤᠷᠲᠤ ᠬᠤᠭᠤᠴᠠᠭᠠᠨ ᠤ ᠬᠥᠲᠥᠯᠪᠦᠷᠢ ᠬᠡᠷᠡᠭᠵᠢᠭᠦᠯᠵᠦ ᠡᠬᠢᠯᠡᠭᠡᠳ ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠦ ᠬᠦᠮᠦᠨ ᠪᠦᠷᠢ  ᠶᠢᠨ ᠣᠷᠣᠯᠴᠠᠭ᠎ᠠ ᠴᠢᠬᠤᠯᠠ ᠤᠴᠢᠷ ᠣᠯᠠᠨ ᠨᠡᠶᠢᠲᠡ ᠶᠢᠨ ᠮᠡᠳᠡᠯᠭᠡ᠂ ᠬᠠᠨᠳᠤᠯᠭ᠎ᠠ ᠶᠢ ᠳᠡᠭᠡᠭᠰᠢᠯᠡᠭᠦᠯᠬᠦ ᠠᠵᠢᠯ ᠤᠨ ᠬᠦᠷᠢᠶᠡᠨ ᠳᠦ ᠮᠣᠩᠭᠣᠯ ᠠᠮᠧᠷᠢᠺᠠ ᠶᠢᠨ ᠬᠥᠲᠥᠯᠪᠦᠷᠢ ᠶᠢᠨ ᠰᠠᠨᠠᠭᠠᠴᠢᠯᠭ᠎ᠠ ᠶᠢ ᠳᠡᠮᠵᠢᠨ ᠪᠠᠯᠧᠲ ᠤᠨ ᠤᠷᠠᠯᠢᠭ ᠢᠶᠠᠷ ᠳᠠᠮᠵᠢᠭᠤᠯᠤᠨ ᠳᠡᠭᠡᠷᠡᠬᠢ ᠲᠤᠯᠭᠠᠮᠳᠠᠭᠰᠠᠨ ᠠᠰᠠᠭᠤᠳᠠᠯ ᠢ ᠬᠥᠨᠳᠡᠬᠦ ᠶᠢ ᠵᠣᠷᠢᠭᠰᠠᠨ ᠢᠶᠠᠨ ᠵᠣᠬᠢᠶᠠᠨ ᠪᠠᠶᠢᠭᠤᠯᠤᠭᠴᠢᠳ ᠪᠣᠯᠤᠨ ᠤᠷᠠᠨ ᠪᠦᠲᠦᠭᠡᠯᠴᠢᠳ ᠬᠡᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ