ᠭᠣᠪᠢ-ᠠᠯᠲᠠᠢ ᠠᠶᠢᠮᠠᠭ ᠬᠦᠷᠬᠦ  ᠵᠠᠮ ᠤᠨ ᠠᠵᠢᠯ ᠡᠬᠢᠯᠡᠯ᠎ᠡ | News.MN

ᠭᠣᠪᠢ-ᠠᠯᠲᠠᠢ ᠠᠶᠢᠮᠠᠭ ᠬᠦᠷᠬᠦ  ᠵᠠᠮ ᠤᠨ ᠠᠵᠢᠯ ᠡᠬᠢᠯᠡᠯ᠎ᠡ

ᠪᠠᠶᠠᠨᠬᠣᠩᠭᠣᠷ ᠠᠶᠢᠮᠠᠭ ᠤᠨ ᠪᠤᠤᠴᠠᠭᠠᠨ ᠰᠤᠮᠤ ᠶᠢᠨ  ᠪᠠᠶᠢᠳᠠᠷᠠᠭ ᠭᠦᠭᠦᠷᠭᠡᠨ ᠡᠴᠡ ᠭᠣᠪᠢ-ᠠᠯᠲᠠᠢ ᠠᠶᠢᠮᠠᠭ ᠤᠨ ᠳᠡᠯᠭᠡᠷ ᠰᠤᠮᠤ ᠬᠦᠷᠲᠡᠯᠡᠬᠢ 126.7 ᠺᠢᠯᠣᠮᠧᠲ᠋ᠷ ᠠᠦ᠋ᠲ᠋ᠣ᠋ ᠵᠠᠮ ᠤᠨ ᠠᠵᠢᠯ ᠡᠬᠢᠯᠡᠯ᠎ᠡ᠃
ᠪᠠᠷᠠᠭᠤᠨ ᠲᠠᠪᠤᠨ ᠠᠶᠢᠮᠠᠭ ᠢ ᠬᠤᠯᠪᠤᠬᠤ ᠬᠡᠪᠲᠡᠭᠡ ᠲᠡᠩᠬᠡᠯᠢᠭ ᠦᠨ ᠡᠨᠡ ᠵᠠᠮ ᠤᠨ ᠭᠦᠢᠴᠡᠳᠬᠡᠭᠴᠢ ᠪᠡᠷ ᠦᠨᠳᠦᠰᠦᠨ ᠦ ᠲᠡᠷᠢᠭᠦᠯᠡᠭᠴᠢ ᠺᠣᠮᠫᠠᠨᠢ ᠶᠢᠨ ᠨᠢᠭᠡ  ︽ᠮᠠᠺᠰ  ᠷᠦᠦᠳ᠋ ︾ ᠺᠤᠨᠴᠸᠰᠰ ᠤᠨ ᠭᠡᠷ᠎ᠡ ᠪᠡᠷ ᠭᠦᠢᠴᠡᠳᠭᠡᠬᠦ ᠪᠡᠷ ᠪᠣᠯᠵᠤ᠂ ᠠᠵᠢᠯ ᠢᠶᠠᠨ ᠡᠬᠢᠯᠡᠭᠦᠯᠦᠯ᠎ᠡ᠃ ᠺᠣᠮᠫᠠᠨᠢ ᠶᠢᠨ ᠬᠢᠨ ᠬᠡᠯᠡᠬᠦ ᠳᠦ ᠪᠡᠨ᠂ ᠬᠦᠴᠦᠨ ᠴᠢᠳᠠᠯ ᠢᠶᠠᠷ ᠢᠶᠠᠨ ᠠᠵᠢᠯᠯᠠᠭᠠᠳ ᠡᠨᠡ ᠣᠨ ᠳᠤ 70 ᠠᠴᠠ ᠳᠡᠭᠡᠭᠰᠢ ᠺᠢᠯᠤᠮᠸᠲᠷ ᠵᠠᠮ ᠢ ᠪᠠᠷᠢᠵᠤ᠂ 2020 ᠣᠨ ᠳᠤ ᠪᠦᠷᠢᠨ ᠬᠣᠯᠪᠣᠨ᠎ᠠ ᠭᠡᠪᠡ ᠃ ᠢᠩᠭᠢᠭᠰᠡᠨ ᠢᠶᠡᠷ ᠪᠠᠷᠠᠭᠤᠨ ᠠᠶᠢᠮᠠᠭ ᠤᠳ ᠤᠯᠠᠭᠠᠨᠪᠠᠭᠠᠲᠤᠷ ᠬᠣᠲᠠ ᠲᠠᠢ ᠬᠠᠲᠠᠭᠤ ᠬᠤᠴᠢᠯᠲᠠ ᠲᠠᠢ ᠵᠠᠮ ᠢᠶᠠᠷ ᠪᠦᠷᠢᠨ ᠬᠣᠯᠪᠣᠭᠳᠠᠵᠤ᠂ ᠪᠠᠷᠠᠭᠤᠨ ᠪᠥᠰᠡ ᠶᠢᠨ 300-400 ᠮᠢᠩᠭ᠎ᠠ ᠭᠠᠷᠤᠢ ᠢᠷᠭᠡᠳ ᠠᠶ᠎ᠠ ᠲᠤᠬᠠᠲᠠᠢ ᠵᠣᠷᠴᠢᠬᠤ ᠪᠣᠯᠤᠮᠵᠢ ᠲᠠᠢ ᠪᠣᠯᠬᠤ ᠶᠤᠮ᠃

ᠰᠡᠳᠬᠢᠭᠳᠡᠯ ᠦᠯᠡᠳᠡᠭᠡᠬᠦ