2018 ᠣᠨ ᠳᠤ ᠪᠠᠲᠤᠯᠠᠭᠰᠠᠨ ᠬᠠᠤᠯᠢ ᠳᠤ ᠲᠥᠷᠥ ᠶᠢᠨ ᠲᠠᠮᠠᠭ᠎ᠠ ᠳᠠᠷᠤᠯ᠎ᠠ | News.MN

2018 ᠣᠨ ᠳᠤ ᠪᠠᠲᠤᠯᠠᠭᠰᠠᠨ ᠬᠠᠤᠯᠢ ᠳᠤ ᠲᠥᠷᠥ ᠶᠢᠨ ᠲᠠᠮᠠᠭ᠎ᠠ ᠳᠠᠷᠤᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠪᠣᠯᠤᠨ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠯ ∙ ᠥᠯᠵᠡᠶᠢᠰᠠᠶᠢᠬᠠᠨ ᠨᠠᠷ 2018 ᠣᠨ ᠳᠤ ᠪᠠᠲᠤᠯᠠᠭᠰᠠᠨ ᠬᠠᠤᠯᠢ ᠨᠤᠭᠤᠳ ᠳᠡᠭᠡᠷ᠎ᠡ ᠲᠥᠷᠥ ᠶᠢᠨ ᠲᠠᠮᠠᠭ᠎ᠠ ᠳᠠᠷᠤᠬᠤ ᠶᠣᠰᠣᠯᠠᠯ ᠦᠢᠯᠡᠳᠪᠡ ᠃ ᠲᠥᠷᠥ ᠶᠢᠨ ᠲᠠᠮᠠᠭ᠎ᠠ ᠶᠢ ᠦᠨᠳᠦᠰᠦᠨ ᠦ ᠬᠡ ᠪᠡᠷ ᠴᠢᠮᠡᠭᠯᠡᠭᠰᠡᠨ ᠮᠥᠩᠭᠥᠨ ᠲᠣᠨᠣᠭ ᠪᠦᠬᠦᠢ᠂ ᠵᠥᠭᠡᠯᠡᠨ ᠲᠣᠷᠭᠠᠮᠰᠤᠭ ᠡᠳ᠋  ᠢᠶᠡᠷ ᠳᠣᠲᠣᠷᠯᠠᠭᠰᠠᠨ ᠽᠠᠨᠳᠠᠨ ᠮᠣᠳᠣᠨ ᠬᠠᠶᠢᠷᠴᠠᠭ ᠲᠠᠢ ᠨᠢ ᠠᠪᠴᠢᠷᠠᠵᠤ᠂  ︽ᠲᠥᠷᠥ ᠶᠢᠨ ᠪᠡᠯᠭᠡ ᠲᠡᠮᠳᠡᠭ ᠦᠨ ᠲᠤᠬᠠᠢ ︾ ᠬᠠᠤᠯᠢ ᠳᠤ ᠵᠢᠭᠠᠭᠰᠠᠨ ᠤ ᠳᠠᠭᠠᠤ ᠮᠣᠩᠭᠣᠯ ᠤᠯᠤᠰ ᠤᠨ ᠬᠠᠤᠯᠢ ᠶᠢᠨ ᠤᠭ ᠡᠬᠡ ᠶᠢᠨ ᠡᠬᠢᠨ ᠦ ᠬᠠᠭᠤᠳᠠᠰᠤ ᠳᠤ ᠳᠠᠷᠤᠯ᠎ᠠ᠃
ᠲᠥᠷᠥ ᠶᠢᠨ ᠲᠠᠮᠠᠭ᠎ᠠ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠪᠠᠷᠢᠵᠤ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠤᠭ ᠡᠬᠡ  ᠶᠢᠨ ᠬᠠᠭᠤᠳᠠᠰᠤ ᠪᠦᠷᠢ ᠳᠡᠭᠡᠷ᠎ᠡ᠂ ᠮᠣᠩᠭᠣᠯ ᠤᠯᠤᠰ ᠤᠨ ᠬᠠᠤᠯᠢ᠂ ᠤᠯᠤᠰ ᠤᠨ ᠶᠡᠬᠡ ᠬᠤᠷᠠᠯ ᠢᠶᠠᠷ ᠰᠣᠶᠣᠷᠬᠠᠨ ᠪᠠᠲᠤᠯᠠᠭᠰᠠᠨ ᠣᠯᠠᠨ ᠤᠯᠤᠰ ᠤᠨ ᠭᠡᠷ᠎ᠡ᠂ ᠮᠣᠩᠭᠣᠯ ᠤᠯᠤᠰ ᠠᠴᠠ ᠭᠠᠳᠠᠭᠠᠳᠤ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠬᠤ᠂ ᠴᠤᠴᠠᠯᠠᠬᠤ ᠲᠤᠬᠠᠢ ᠤᠯᠤᠰ ᠤᠨ ᠶᠡᠬᠡ ᠬᠤᠷᠠᠯ ᠤᠨ ᠰᠢᠢᠳᠪᠦᠷᠢ ᠶᠢᠨ ᠤᠭ ᠡᠬᠡ ᠶᠢᠨ ᠡᠬᠢᠨ ᠦ ᠬᠠᠭᠤᠳᠠᠰᠤ ᠳᠡᠭᠡᠷ᠎ᠡ ᠲᠤᠰ ᠲᠤᠰ ᠳᠠᠷᠤᠳᠠᠭ ᠪᠠᠶᠢᠨ᠎ᠠ᠃

ᠰᠡᠳᠬᠢᠭᠳᠡᠯ ᠦᠯᠡᠳᠡᠭᠡᠬᠦ