ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ︽ᠬᠠᠩᠭᠢᠨᠠᠬᠤ ᠶᠢᠨ ᠰᠢᠭᠤᠢ ᠶᠢᠨ ᠱᠠᠭᠠᠢ ᠶᠢᠨ ᠲᠣᠭᠣᠷᠢᠮ︾ ᠪᠤᠯᠠᠭᠠᠨ ᠠᠶᠢᠮᠠᠭ ᠤᠨ ᠬᠤᠲᠤᠭ-ᠥᠨᠳᠥᠷ ᠰᠤᠮᠤ ᠶᠢᠨ ᠬᠠᠨᠲᠠᠢ ᠪᠠᠭ ᠤᠨ ᠨᠤᠲᠤᠭ ᠲᠤ ᠡᠨᠡ ᠰᠠᠷ᠎ᠠ ᠶᠢᠨ 25-26 ᠍ ᠤ ᠡᠳᠦᠷ ᠪᠣᠯᠤᠨ᠎ᠠ ᠭᠡᠵᠦ ᠠᠶᠢᠮᠠᠭ ᠤᠨ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠭᠠᠵᠠᠷ ᠠᠴᠠ ᠮᠡᠳᠡᠭᠡᠯᠡᠯ᠎ᠡ᠃
ᠬᠠᠯᠬ᠎ᠠ ᠶᠢᠨ ᠭᠤᠷᠪᠠᠨ ᠲᠣᠮᠣ ᠱᠠᠭ᠎ᠠ ᠶᠢᠨ ᠲᠣᠭᠣᠷᠢᠮ ᠤᠨ ᠨᠢᠭᠡ ᠭᠡᠵᠦ ᠦᠵᠡᠳᠡᠭ 400 ᠭᠠᠷᠤᠢ ᠵᠢᠯ ᠦᠨ ᠲᠡᠦᠬᠡ ᠲᠡᠢ ᠬᠠᠩᠭᠢᠨᠠᠬᠤ ᠶᠢᠨ ᠰᠢᠭᠤᠢ ᠳᠤ ᠪᠣᠯᠳᠠᠭ ᠱᠠᠭᠠᠢ ᠶᠢᠨ ᠬᠠᠷᠪᠤᠭ᠎ᠠ ᠶᠢ ᠵᠢᠷᠭᠤᠭᠠᠨ ᠵᠢᠯ ᠦᠨ ᠡᠮᠦᠨ᠎ᠡ ᠡᠴᠡ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠦᠨᠳᠦᠰᠦᠨ ᠦ ᠰᠫᠣᠷᠲ ᠢ ᠳᠡᠯᠭᠡᠷᠡᠭᠦᠯᠬᠦ ᠲᠡᠦᠬᠡ ᠰᠤᠶᠤᠯ ᠤᠨ ᠠᠷᠭ᠎ᠠ ᠬᠡᠮᠵᠢᠶ᠎ᠡ ᠭᠡᠵᠦ ᠦᠵᠡᠵᠦ ᠵᠣᠬᠢᠶᠠᠨ ᠪᠠᠶᠢᠭᠤᠯᠵᠤ ᠢᠷᠡᠭᠰᠡᠨ ᠶᠤᠮ᠃
ᠮᠣᠨᠣᠰᠣ ᠴᠡᠴᠡᠭᠯᠡᠬᠦ ᠴᠠᠭ ᠢᠶᠠᠷ ᠪᠣᠯᠳᠠᠭ ᠱᠠᠭᠠᠢ ᠶᠢᠨ ᠬᠠᠷᠪᠤᠭᠠᠨ ᠳᠤ ᠣᠯᠠᠨ ᠠᠶᠢᠮᠠᠭ᠂ ᠬᠣᠲᠠ ᠶᠢᠨ ᠱᠠᠭᠠᠢ ᠶᠢᠨ ᠬᠠᠷᠪᠤᠭᠠᠨ ᠤ ᠪᠠᠭ᠂ ᠬᠠᠷᠪᠤᠭᠠᠴᠢᠳ ᠢᠷᠡᠵᠦ ᠴᠡᠴᠡ ᠮᠡᠷᠭᠡᠨ ᠢᠶᠡᠨ ᠰᠣᠷᠢᠳᠠᠭ ᠤᠯᠠᠮᠵᠢᠯᠠᠯ ᠲᠠᠢ᠃ ᠲᠡᠭᠦᠨᠴᠢᠯᠡᠨ ᠭᠠᠳᠠᠭᠠᠳᠤ ᠳᠣᠲᠣᠭᠠᠳᠤ ᠶᠢᠨ ᠵᠢᠭᠤᠯᠴᠢᠳ ᠠᠴᠠ ᠭᠠᠳᠠᠨ᠎ᠠ ᠣᠷᠣᠨ ᠨᠤᠲᠤᠭ ᠤᠨ ᠢᠷᠭᠡᠳ ᠦᠵᠡᠵᠦ ᠰᠣᠨᠢᠷᠬᠠᠵᠤ᠂ ᠰᠦ ᠴᠠᠭᠠᠨ ᠢᠳᠡᠭᠡᠨ ᠦ ᠦᠵᠡᠰᠬᠦᠯᠡᠩ ᠬᠤᠳᠠᠯᠳᠤᠭ᠎ᠠ ᠭᠠᠷᠭᠠᠳᠠᠭ ᠶᠤᠮ᠃