ᠬᠠᠯᠬ᠎ᠠ ᠭᠣᠣᠯ ᠤᠨ ᠳᠠᠶᠢᠨ ᠤ ᠡᠷᠳᠡᠮ ᠰᠢᠨᠵᠢᠯᠡᠭᠡᠨ ᠦ ᠬᠤᠷᠠᠯ ᠪᠣᠯᠪᠠ | News.MN

ᠬᠠᠯᠬ᠎ᠠ ᠭᠣᠣᠯ ᠤᠨ ᠳᠠᠶᠢᠨ ᠤ ᠡᠷᠳᠡᠮ ᠰᠢᠨᠵᠢᠯᠡᠭᠡᠨ ᠦ ᠬᠤᠷᠠᠯ ᠪᠣᠯᠪᠠ

ᠬᠠᠯᠬ᠎ᠠ ᠭᠣᠣᠯ ᠤᠨ ᠲᠡᠦᠬᠡᠨ ᠢᠯᠠᠯᠲᠠ ᠶᠢᠨ 80 ᠵᠢᠯ ᠦᠨ ᠣᠢ ᠳᠤ ᠵᠣᠷᠢᠭᠤᠯᠤᠭᠰᠠᠨ ︽ᠣᠷᠣᠰ ᠪᠠ ᠮᠣᠩᠭᠣᠯ᠄ ᠲᠡᠦᠬᠡ ᠶᠢᠨ ᠡᠷᠢᠨ ᠦᠶ᠎ᠡ ᠨᠦᠭᠦᠳ ︾ ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠣᠨᠣᠯ ᠫᠷᠠᠺᠲ᠋ᠢᠭ ᠤᠨ ᠪᠠᠭ᠎ᠠ ᠬᠤᠷᠠᠯ ᠣᠷᠣᠰ ᠤᠨ ᠶᠠᠷᠤᠰᠯᠠᠪᠯᠢ ᠬᠤᠲᠠ ᠳᠤ 2019 ᠣᠨ ᠤ 05 ᠳ᠋ᠤᠭᠠᠷ ᠰᠠᠷ᠎ᠠ ᠶᠢᠨ 16-18 ᠍ ᠤ ᠡᠳᠦᠷ ᠦᠳ ᠲᠦ ᠠᠮᠵᠢᠯᠲᠠᠲᠠᠢ ᠵᠣᠬᠢᠶᠠᠨ ᠪᠠᠶᠢᠭᠤᠯᠤᠭᠳᠠᠪᠠ᠃
ᠫ∙ᠭ∙ᠳ᠋ᠸᠮᠢᠳᠤᠪ  ᠤᠨ ᠨᠡᠷᠡᠮᠵᠢᠲᠦ ᠶᠠᠷᠤᠰᠯᠠᠪᠯᠢ ᠤᠯᠤᠰ ᠤᠨ ᠶᠡᠬᠡ ᠰᠤᠷᠭᠠᠭᠤᠯᠢ᠂ ᠣᠷᠣᠰ ᠤᠨ ᠦᠨᠡᠨ ᠠᠯᠳᠠᠷᠲᠠᠨ ᠤ ᠱᠠᠰᠢᠨ ᠤ ᠶᠠᠷᠤᠰᠯᠠᠪᠯᠢ ᠶᠢᠨ ᠬᠠᠮᠪᠤ ᠯᠠᠮᠠ ᠶᠢᠨ ᠵᠠᠬᠢᠷᠭ᠎ᠠ᠂ ᠣᠷᠣᠰ ᠤᠨ ᠲᠡᠦᠬᠡᠴᠢ᠂  ᠠᠷᠬᠢᠪᠴᠢᠳ ᠤᠨ ᠨᠡᠶᠢᠭᠡᠮᠯᠢᠭ ᠦᠨ ᠶᠠᠷᠤᠰᠯᠠᠪᠯᠢ ᠬᠣᠲᠠ ᠳ᠋ᠡᠬᠢ ᠰᠠᠯᠪᠤᠷᠢ ᠬᠠᠮᠲᠤᠷᠠᠨ ᠵᠣᠬᠢᠶᠠᠨ ᠪᠠᠶᠢᠭᠤᠯᠤᠭᠰᠠᠨ ᠡᠨᠡᠬᠦ ᠪᠠᠭ᠎ᠠ ᠬᠤᠷᠠᠯ ᠳᠤ ᠮᠣᠩᠭᠣᠯ ᠤᠯᠤᠰ ᠠᠴᠠ ᠣᠷᠣᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠢᠭᠡᠳᠦᠭᠡᠷ ᠨᠠᠷᠢᠨ ᠪᠢᠴᠢᠭ ᠦᠨ ᠳᠠᠷᠤᠭ᠎ᠠ ᠠ᠊∙ᠠᠮᠤᠷᠰᠠᠶᠢᠬᠠᠨ᠂ ᠵ∙ᠪᠠᠶᠠᠷᠬᠦᠦ ᠨᠠᠷ ᠤᠷᠤᠯᠴᠠᠪᠠ᠃ ᠪᠠᠭ᠎ᠠ ᠬᠤᠷᠠᠯ ᠢ ᠫ∙ᠭ∙ᠳ᠋ᠸᠮᠢᠳᠤᠪ  ᠤᠨ ᠨᠡᠷᠡᠮᠵᠢᠲᠦ ᠶᠠᠷᠤᠰᠯᠠᠪᠯᠢ ᠶᠢᠨ ᠤᠯᠤᠰ ᠤᠨ ᠶᠡᠬᠡ ᠰᠤᠷᠭᠠᠭᠤᠯᠢ ᠶᠢᠨ ᠨᠢᠭᠡᠳᠦᠭᠡᠷ ᠣᠷᠣᠯᠠᠭᠴᠢ ᠵᠠᠬᠢᠷᠤᠯ ᠰ∙ᠠ᠊∙ᠺᠠᠱᠧᠩᠺᠣ ᠨᠡᠭᠡᠭᠡᠵᠦ᠂ ᠶᠠᠷᠤᠰᠯᠠᠪᠯᠢ ᠮᠤᠵᠢ ᠶᠢᠨ  ᠳ᠋ᠤᠮᠠ ᠶᠢᠨ ᠳᠠᠷᠤᠭ᠎ᠠ ᠠ᠊∙ᠳ∙ᠺᠤᠨᠰᠲ᠋ᠠᠨᠲ᠋ᠢᠨᠤᠪ᠂ ᠵ∙ᠪᠠᠶᠠᠷᠬᠦᠦ ᠨᠠᠷ ᠮᠡᠨᠳᠦᠴᠢᠯᠡᠭᠡ ᠳᠡᠪᠰᠢᠭᠦᠯᠵᠦ ᠦᠭᠡ ᠬᠡᠯᠡᠪᠡ᠃
ᠵ∙ᠪᠠᠶᠠᠷᠬᠦᠦ ᠮᠣᠩᠭᠣᠯ ᠣᠷᠣᠰ ᠤᠨ ᠠᠷᠠᠳ ᠲᠦᠮᠡᠨ  ‍ᠣ ᠣᠯᠠᠨ ᠵᠠᠭᠤᠨ ᠵᠢᠯ ᠦᠨ ᠬᠠᠷᠢᠯᠴᠠᠭᠠᠨ ᠤ ᠲᠡᠦᠬᠡᠨ ᠳᠦ ᠣᠨᠴᠠᠭᠠᠢ ᠴᠢᠬᠤᠯᠠ ᠪᠠᠶᠢᠷᠢ ᠰᠠᠭᠤᠷᠢ ᠡᠵᠡᠯᠡᠳᠡᠭ ᠬᠠᠯᠬ᠎ᠠ ᠭᠣᠣᠯ ᠤᠨ ᠳᠠᠶᠢᠨ ‍ᠣ ᠢᠯᠠᠯᠲᠠ ᠶᠢᠨ 80 ᠵᠢᠯ ᠦᠨ ᠣᠢ ᠳᠤ ᠵᠣᠷᠢᠭᠤᠯᠤᠨ ᠡᠨᠡᠬᠦ ᠬᠤᠷᠠᠯ ᠢ ᠵᠣᠬᠢᠶᠠᠨ ᠪᠠᠶᠢᠭᠤᠯᠵᠤ ᠪᠤᠢ ᠳᠤ ᠲᠠᠯᠠᠷᠬᠠᠯ ᠢᠯᠡᠷᠬᠡᠶᠢᠯᠡᠭᠡᠳ᠄ ᠬᠠᠯᠬ᠎ᠠ ᠭᠣᠣᠯ ᠤᠨ ᠳᠠᠶᠢᠨ ᠤ ᠢᠯᠠᠯᠲᠠ ᠨᠢ ᠲᠤᠬᠠᠢ ᠶᠢᠨ ᠦᠶ᠎ᠡ ᠶᠢᠨ ᠣᠯᠠᠨ ᠤᠯᠤᠰ ᠤᠨ ᠤᠯᠤᠰ ᠲᠥᠷᠥ ᠶᠢᠨ ᠬᠦᠴᠦᠨ ᠦ ᠬᠠᠷᠢᠴᠠᠭ᠎ᠠ ᠶᠢ ᠥᠭᠡᠷᠡᠴᠢᠯᠡᠵᠦ᠂ ᠶᠠᠫᠣᠨ ᠤᠯᠤᠰ ᠹᠠᠱᠢᠰᠲ ᠭᠧᠷᠮᠠᠨ ᠲᠠᠢ ᠨᠢᠭᠡᠳᠴᠦ ᠵᠥᠪᠯᠡᠯᠲᠦ ᠬᠣᠯᠪᠣᠭᠠᠲᠤ ᠤᠯᠤᠰ ᠲᠠᠢ ᠳᠠᠶᠢᠲᠤᠬᠤ ᠦᠭᠡᠢ ᠪᠠᠶᠢᠬᠤ ᠰᠢᠢᠳᠪᠦᠷᠢ ᠭᠠᠷᠭᠠᠬᠤ ᠳᠤ ᠨᠥᠯᠦᠭᠡᠯᠡᠵᠦ᠂ ᠤᠯᠠᠮ ᠢᠶᠠᠷ 1941 ᠣᠨ ᠤ ᠬᠦᠨᠳᠦ ᠴᠠᠭ ᠦᠶ᠎ᠡ ᠨᠦᠭᠦᠳ ᠲᠦ ᠠᠯᠤᠰ ᠳᠣᠷᠣᠨᠠᠲᠤ ᠠᠴᠠ ᠴᠡᠷᠢᠭ ᠦᠨ ᠶᠡᠬᠡ ᠬᠡᠮᠵᠢᠶᠡᠨ ᠦ ᠬᠦᠴᠦ ᠶᠢ ᠮᠣᠰᠺᠸᠠ ᠤᠷᠤᠭᠤ ᠨᠡᠭᠦᠯᠭᠡᠨ ᠰᠢᠯᠵᠢᠭᠦᠯᠬᠦ ᠨᠥᠬᠥᠴᠡᠯ᠂ ᠪᠣᠯᠤᠮᠵᠢ ᠶᠢ ᠪᠤᠢ ᠪᠣᠯᠭᠠᠭᠰᠠᠨ ᠪᠢᠯᠡ᠃ ᠴᠤᠬᠤᠮ ᠬᠦ ᠴᠡᠷᠢᠭ ᠦᠨ ᠡᠨᠡᠬᠦ ᠬᠦᠴᠦᠨ ᠵᠥᠪᠯᠡᠯᠲᠦ ᠬᠣᠯᠪᠣᠭᠠᠲᠤ ᠤᠯᠤᠰ ᠤᠨ ᠨᠡᠶᠢᠰᠯᠡᠯ ᠢ ᠬᠠᠮᠠᠭᠠᠯᠠᠬᠤ ᠳᠤ᠂ ᠤᠯᠠᠮ ᠢᠶᠠᠷ ᠤᠯᠠᠭᠠᠨ ᠠᠷᠮᠢ ᠰᠥᠷᠭᠦ ᠳᠣᠪᠲᠣᠯᠭ᠎ᠠ ᠬᠢᠬᠦ ᠳᠦ ᠴᠢᠬᠤᠯᠠ ᠡᠭᠦᠷᠭᠡ ᠭᠦᠢᠴᠡᠳᠭᠡᠭᠰᠡᠨ ᠬᠡᠮᠡᠨ ᠣᠨᠴᠠᠯᠠᠨ ᠲᠡᠮᠳᠡᠭᠯᠡᠪᠡ᠃ ︽ᠣᠷᠣᠰ ᠪᠠ ᠮᠣᠩᠭᠣᠯ᠄ ᠲᠡᠦᠬᠡ ᠶᠢᠨ ᠡᠷᠢᠨ ᠦᠶ᠎ᠡ ᠨᠦᠭᠦᠳ︾ ᠰᠡᠳᠦᠪᠲᠦ ᠣᠯᠠᠨ ᠤᠯᠤᠰ ᠤᠨ ᠡᠷᠳᠡᠮ  ᠰᠢᠨᠵᠢᠯᠡᠭᠡᠨ ᠣᠨᠣᠯ ᠫᠷᠠᠺᠲ᠋ᠢᠭ ᠤᠨ ᠪᠠᠭ᠎ᠠ ᠬᠤᠷᠠᠯ ᠳᠤ 200 ᠰᠢᠬᠠᠮ ᠡᠷᠳᠡᠮᠲᠡᠨ᠂ ᠫᠷᠣᠹᠧᠰᠰᠣᠷ᠂ ᠰᠤᠳᠤᠯᠤᠭᠠᠴᠢᠳ ᠣᠷᠣᠯᠴᠠᠵᠤ᠂ ᠨᠢᠭᠡᠳᠦᠭᠰᠡᠨ ᠪᠣᠯᠤᠨ ᠳᠥᠷᠪᠡᠨ ᠰᠠᠯᠪᠤᠷᠢ ᠬᠤᠷᠠᠯᠳᠤᠭᠠᠨ ᠳᠤ ᠨᠡᠶᠢᠲᠡ ᠳᠦ ᠪᠡᠨ 65 ᠢᠯᠡᠳᠬᠡᠯ ᠲᠠᠯᠪᠢᠵᠤ᠂ ᠬᠡᠯᠡᠯᠴᠡᠭᠦᠯᠦᠭᠰᠡᠨ ᠪᠠᠶᠢᠨ᠎ᠠ᠃
ᠡᠬᠢ ᠰᠤᠷᠪᠤᠯᠵᠢ᠄  ᠭᠠᠳᠠᠭᠠᠳᠤ ᠬᠠᠷᠢᠯᠴᠠᠭᠠᠨ ᠤ ᠶᠠᠮᠤᠨ

ᠰᠡᠳᠬᠢᠭᠳᠡᠯ ᠦᠯᠡᠳᠡᠭᠡᠬᠦ