ᠤᠭ᠍ᠶᠤᠲᠤᠯᠤᠭᠠᠢ ᠶᠢᠨ ᠲᠤᠬᠠᠢ ᠮᠡᠳᠡᠭᠡᠯᠡᠯ ᠢᠶᠡᠨ ᠢᠯᠡ ᠲᠣᠳᠣ ᠪᠣᠯᠭᠠᠨ᠎ᠠ | News.MN

 ᠤᠭ᠍ᠶᠤᠲᠤᠯᠤᠭᠠᠢ ᠶᠢᠨ ᠲᠤᠬᠠᠢ ᠮᠡᠳᠡᠭᠡᠯᠡᠯ ᠢᠶᠡᠨ ᠢᠯᠡ ᠲᠣᠳᠣ ᠪᠣᠯᠭᠠᠨ᠎ᠠ

ᠤᠭ᠍ᠶᠤᠲᠤᠯᠤᠭᠠᠢ  ᠶᠢᠨ ᠭᠡᠷ᠎ᠡ ᠶᠢᠨ ᠬᠡᠷᠡᠭᠵᠢᠯᠲᠡ ᠶᠢ ᠰᠢᠯᠭᠠᠬᠤ᠂ ᠰᠠᠨᠠᠯ ᠳ᠋ᠦᠩᠨᠡᠯᠲᠡ ᠥᠭᠬᠦ ᠠᠵᠢᠯ ᠤᠨ ᠬᠡᠰᠡᠭ ᠦᠨ ᠠᠬᠠᠯᠠᠭᠴᠢ ᠪᠠᠷ ᠤᠯᠤᠰ ᠤᠨ ᠶᠡᠬᠡ ᠬᠤᠷᠠᠯ ᠦᠨ ᠭᠡᠰᠢᠭᠦᠨ ᠳ∙ᠲᠡᠷᠡᠪᠢᠰᠢᠳᠠᠭᠪᠠ ᠠᠵᠢᠯᠯᠠᠭᠰᠠᠨ᠃ ᠤᠭ ᠠᠵᠢᠯ ᠤᠨ ᠬᠡᠰᠡᠭ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠠᠬᠢᠷᠤᠮᠵᠢ ᠪᠠᠷ ᠪᠠᠶᠢᠭᠤᠯᠤᠭᠳᠠᠭᠰᠠᠨ ᠶᠤᠮ᠃ ᠠᠵᠢᠯ ᠤᠨ ᠬᠡᠰᠡᠭ ᠦᠨ ᠠᠬᠠᠯᠠᠭᠴᠢ ᠥᠨᠥᠳᠥᠷ ᠰᠡᠳᠬᠦᠯᠴᠢᠳ ᠲᠦ ᠮᠡᠳᠡᠭᠡᠯᠡᠯ ᠥᠭᠭᠦᠯ᠎ᠡ᠃ ᠲᠡᠷᠡ ᠪᠡᠷ᠄ ᠤᠭ᠍ᠶᠤᠲᠤᠯᠤᠭᠠᠢ ᠶᠢ ᠰᠢᠯᠭᠠᠭᠰᠠᠨ ᠰᠠᠨᠠᠯ ᠳ᠋ᠦᠩᠨᠡᠯᠲᠡ ᠨᠢᠭᠡᠨᠲᠡ ᠨᠢᠭᠤᠴᠠ ᠶᠢᠨ ᠵᠡᠷᠭᠡᠯᠡᠯ ᠲᠡᠢ ᠪᠢᠰᠢ ᠤᠴᠢᠷ ᠠᠴᠠ ᠬᠡᠪᠯᠡᠯ ᠦᠨ ᠬᠢᠨ ᠳᠦ ᠥᠨᠥᠳᠥᠷ ᠡᠴᠡ ᠨᠡᠭᠡᠭᠡᠯᠲᠡ ᠲᠡᠢ ᠪᠣᠯᠭᠠᠨ᠎ᠠ᠃ ᠤᠭ᠍ᠶᠤᠲᠤᠯᠤᠭᠠᠢ ᠶᠢᠨ ᠭᠡᠷ᠎ᠡ ᠶᠢᠨ ᠠᠰᠠᠭᠤᠳᠠᠯ ᠢ ᠶᠠᠭᠠᠷᠠᠯᠲᠠᠢ ᠶᠠᠷᠢᠯᠴᠠᠬᠤ ᠶᠣᠰᠣᠲᠠᠢ᠃  ᠭᠡᠷ᠎ᠡ ᠳᠦ ᠡᠶᠡᠷᠭᠦ ᠣᠯᠠᠨ ᠵᠦᠢᠯ ᠪᠠᠶᠢᠭ᠎ᠠ᠃ ᠤᠭ᠍ᠶᠤᠲᠤᠯᠤᠭᠠᠢ ᠲᠥᠰᠥᠯ ᠢ ᠳᠠᠭᠠᠵᠤ ᠳᠡᠯᠡᠬᠡᠢ ᠶᠢᠨ ᠲᠣᠮᠣᠬᠠᠨ ᠺᠣᠮᠫᠠᠨᠢ ᠮᠣᠩᠭᠣᠯ ᠳᠤ ᠬᠥᠷᠥᠩᠭᠡ ᠣᠷᠣᠭᠤᠯᠤᠭᠴᠢ ᠪᠠᠷ ᠣᠷᠣᠵᠤ ᠢᠷᠡᠭᠰᠡᠨ᠃ ᠢᠩᠭᠢᠭᠰᠡᠨ ᠢᠶᠡᠷ ᠲᠠᠲᠠᠪᠤᠷᠢ ᠪᠠᠷ ᠳᠠᠮᠵᠢᠵᠤ ᠲᠣᠳᠣᠷᠬᠠᠢ ᠬᠡᠮᠵᠢᠶᠡᠨ ᠦ ᠣᠷᠣᠯᠭ᠎ᠠ ᠨᠡᠮᠡᠭᠳᠡᠭᠰᠡᠨ᠃ ᠭᠡᠬᠦ ᠳᠦ ᠪᠡᠨ ᠠᠯᠢᠪᠠ ᠲᠥᠰᠥᠯ᠂ ᠨᠡᠩ ᠢᠯᠠᠩᠭᠤᠶ᠎ᠠ ᠬᠠᠮᠲᠤᠷᠠᠭᠰᠠᠨ ᠬᠥᠷᠥᠩᠭᠡ ᠣᠷᠣᠭᠤᠯᠤᠯᠲᠠ ᠶᠢᠨ ᠪᠢᠽᠢᠨᠧᠰ ᠬᠠᠷᠢᠯᠴᠠᠨ ᠠᠰᠢᠭᠲᠠᠢ ᠪᠠᠶᠢᠬᠤ ᠵᠠᠷᠴᠢᠮ ᠳᠡᠭᠡᠷ᠎ᠡ ᠲᠤᠯᠭᠠᠭᠤᠷᠢᠯᠠᠬᠤ ᠶᠣᠰᠣᠲᠠᠢ᠃ ᠤᠭ᠍ᠶᠤᠲᠤᠯᠤᠭᠠᠢ  ᠶᠢᠨ ᠭᠡᠷ᠎ᠡ ᠬᠢᠭᠰᠡᠨ ᠴᠠᠭ ᠠᠴᠠ ᠡᠬᠢᠯᠡᠨ ᠬᠠᠷᠢᠯᠴᠠᠨ ᠠᠰᠢᠭᠲᠠᠢ ᠪᠠᠶᠢᠬᠤ ᠵᠠᠷᠴᠢᠮ ᠠᠯᠳᠠᠭᠳᠠᠭᠰᠠᠨ ᠪᠠᠶᠢᠨ᠎ᠠ᠃ ᠬᠥᠷᠥᠩᠭᠡ ᠣᠷᠣᠭᠤᠯᠤᠭᠴᠢᠳ ᠤᠨ  ᠭᠡᠷ᠎ᠡ ᠂ ᠬᠤᠪᠢ ᠨᠡᠶᠢᠯᠡᠭᠦᠯᠦᠭᠴᠢᠳ ᠦᠨ ᠭᠡᠷ᠎ᠡ᠂ ᠨᠡᠮᠡᠯᠲᠡ ᠥᠭᠡᠷᠡᠴᠢᠯᠡᠯᠲᠡ ᠣᠷᠣᠭᠤᠯᠤᠭᠰᠠᠨ ᠭᠡᠷ᠎ᠡ᠂ ᠳᠠᠯᠳᠠ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ  ᠰᠠᠩᠬᠦᠦᠵᠢᠯᠲᠠ ᠶᠢᠨ ᠲᠥᠯᠥᠪᠯᠡᠭᠡ ᠪᠤᠶᠤ ᠳ᠋ᠤᠪᠠᠢ ᠶᠢᠨ ᠭᠡᠷ᠎ᠡ ᠳᠦ ᠣᠷᠣᠯᠴᠠᠭᠰᠠᠨ ᠮᠣᠩᠭᠣᠯ ᠤᠨ ᠲᠠᠯ᠎ᠠ ᠶᠢᠨ ᠭᠡᠰᠢᠭᠦᠳ ᠵᠠᠰᠠᠭ ᠤᠨ ᠭᠠᠵᠠᠷ ᠪᠣᠯᠤᠨ ᠤᠯᠤᠰ ᠤᠨ ᠶᠡᠬᠡ ᠬᠤᠷᠠᠯ ᠤᠨ ᠲᠣᠭᠲᠠᠭᠠᠯ᠂ ᠴᠢᠭᠯᠡᠯ ᠢ ᠪᠦᠷᠢᠨ ᠪᠠᠷᠢᠮᠲᠠᠯᠠᠵᠤ ᠠᠵᠢᠯᠯᠠᠭ᠎ᠠ ᠦᠭᠡᠢ᠂ ᠲᠤᠬᠠᠢ ᠶᠢᠨ ᠦᠶ᠎ᠡ ᠳᠦ ᠬᠦᠴᠦᠨ ᠲᠡᠭᠦᠯᠳᠡᠷ ᠪᠠᠶᠢᠭᠰᠠᠨ ᠬᠠᠤᠯᠢ ᠶᠢᠨ ᠵᠠᠷᠢᠮ ᠵᠢᠭᠠᠯᠲᠠ ᠶᠢ ᠵᠥᠷᠢᠴᠡᠭᠰᠡᠨ᠂ ᠬᠥᠷᠥᠩᠭᠡ ᠣᠷᠣᠭᠤᠯᠤᠭᠴᠢ ᠲᠠᠯ᠎ᠠ ᠳᠤ ᠳᠠᠪᠠᠭᠤ ᠪᠠᠶᠢᠳᠠᠯ ᠣᠯᠭᠤᠭᠰᠠᠨ ᠵᠡᠷᠭᠡ ᠨᠢ ᠲᠥᠰᠥᠯ ᠦᠨ ᠦᠢᠯᠡ ᠠᠵᠢᠯᠯᠠᠭᠠᠨ ᠤ ᠦᠷ᠎ᠡ ᠳ᠋ᠦᠩ ᠡᠴᠡ ᠮᠣᠩᠭᠣᠯ ᠤᠨ ᠲᠠᠯ᠎ᠠ ᠬᠦᠷᠲᠡᠬᠦ ᠦᠷ᠎ᠡ ᠠᠰᠢᠭ᠂ ᠦᠭᠭᠦᠭᠡᠵᠢ ᠶᠢ ᠪᠠᠭᠤᠯᠭᠠᠬᠤ ᠳᠤ ᠬᠦᠷᠭᠡᠵᠦ ᠪᠠᠶᠢᠨ᠎ᠠ ᠭᠡᠵᠦ ᠬᠠᠷᠠᠳᠠᠬᠤ ᠦᠨᠳᠦᠰᠦᠯᠡᠯ ᠲᠡᠢ ᠶᠤᠮ᠃
ᠬᠣᠶᠠᠷ ᠲᠤ᠂ ᠤᠭ᠍ᠶᠤᠲᠤᠯᠤᠭᠠᠢ ᠲᠥᠰᠥᠯ ᠦᠨ ᠬᠥᠷᠥᠩᠭᠡ ᠣᠷᠣᠭᠤᠯᠤᠯᠲᠠ ᠶᠢᠨ  ᠭᠡᠷ᠎ᠡ ᠳᠦ ᠨᠡᠮᠡᠯᠲᠡ ᠥᠭᠡᠷᠡᠴᠢᠯᠡᠯᠲᠡ ᠣᠷᠣᠭᠤᠯᠵᠤ ᠂ ᠳᠠᠬᠢᠨ ᠲᠣᠳᠣᠳᠬᠠᠭᠰᠠᠨ ᠬᠤᠪᠢ ᠨᠡᠶᠢᠯᠡᠭᠦᠯᠦᠭᠴᠢᠳ ᠦᠨ ᠭᠡᠷ᠎ᠡ ᠳᠦ ᠬᠢᠨᠠᠯᠲᠠ  ᠰᠢᠨᠵᠢᠯᠡᠭᠡᠨ ᠦᠨᠡᠯᠡᠭᠡ ᠶᠢ ᠬᠢᠬᠦ᠂ ᠬᠣᠶᠠᠷ ᠲᠠᠯ᠎ᠠ ᠶᠢᠨ ᠲᠥᠯᠥᠭᠡᠯᠡᠯ ᠣᠷᠣᠯᠴᠠᠭᠰᠠᠨ ᠠᠵᠢᠯ ᠤᠨ ᠬᠡᠰᠡᠭ ᠢ ᠪᠠᠶᠢᠭᠤᠯᠤᠨ ᠠᠵᠢᠯᠯᠠᠭᠤᠯᠵᠤ᠂ ᠭᠡᠷ᠎ᠡ ᠳᠦ ᠨᠡᠮᠡᠯᠲᠡ ᠥᠭᠡᠷᠡᠴᠢᠯᠡᠯᠲᠡ ᠤᠷᠤᠭᠤᠯᠬᠤ ᠵᠠᠮ ᠢᠶᠠᠷ ᠭᠡᠷ᠎ᠡ ᠶᠢ ᠰᠠᠶᠢᠵᠢᠷᠠᠭᠤᠯᠬᠤ ᠱᠠᠭᠠᠷᠳᠠᠯᠭ᠎ᠠ ᠲᠠᠢ ᠭᠡᠳᠡᠭ ᠳ᠋ᠦᠩᠨᠡᠯᠲᠡ ᠳᠦ ᠬᠦᠷᠦᠭᠰᠡᠨ᠃
ᠭᠤᠷᠪᠠ ᠳᠤ᠂ ᠳᠠᠯᠳᠠ ᠠᠭᠤᠷᠬᠠᠢ ᠶᠢᠨ ᠰᠠᠩᠬᠦᠦᠵᠢᠯᠲᠠ ᠶᠢᠨ ᠲᠥᠯᠥᠪᠯᠡᠭᠡ ᠪᠤᠶᠤ ᠳ᠋ᠤᠪᠠᠢ ᠶᠢᠨ ᠭᠡᠷ᠎ᠡ ᠨᠢ ᠮᠣᠩᠭᠣᠯ ᠤᠯᠤᠰ ᠤᠨ ᠬᠠᠤᠯᠢ ᠶᠢ ᠵᠦᠷᠢᠴᠡᠭᠰᠡᠨ ᠤᠴᠢᠷ ᠠᠴᠠ ᠲᠡᠭᠦᠨ ᠢ ᠨᠢᠭᠲᠠᠯᠠᠵᠤ ᠬᠦᠴᠦᠨ ᠦᠭᠡᠢ ᠪᠣᠯᠭᠠᠬᠤ ᠨᠢ ᠵᠦᠢᠲᠡᠢ ᠭᠡᠰᠡᠨ ᠳ᠋ᠦᠩᠨᠡᠯᠲᠡ ᠶᠢ ᠭᠠᠷᠭᠠᠭᠰᠠᠨ᠃ ᠶᠠᠮᠠᠷ ᠰᠢᠯᠲᠠᠭᠠᠨ ᠲᠠᠢ ᠭᠡᠳᠡᠭ ᠢ ᠮᠠᠰᠢ ᠨᠠᠷᠢᠨ ᠳᠡᠯᠭᠡᠬᠦ ᠪᠣᠯᠤᠨ᠎ᠠ᠃ ᠡᠨᠡ ᠪᠣᠯ ᠠᠵᠢᠯ ᠤᠨ ᠬᠡᠰᠡᠭ ᠦᠨ ᠠᠯᠪᠠᠨ ᠶᠣᠰᠣᠨ ᠤ ᠳ᠋ᠦᠩᠨᠡᠯᠲᠡ᠃ ᠡᠭᠦᠨ ᠦ ᠳᠠᠷᠠᠭ᠎ᠠ ᠵᠠᠰᠠᠭ ᠤᠨ ᠭᠠᠵᠠᠷ᠂  ᠷᠢᠤ᠋  ᠲᠢᠨᠲ᠋ᠤ᠋ ᠺᠣᠮᠫᠠᠨᠢ ᠰᠢᠷᠡᠭᠡᠨ ᠦ ᠠᠷᠤ ᠳᠤ ᠰᠠᠭᠤᠬᠤ ᠶᠣᠰᠣᠲᠠᠢ ᠭᠡᠵᠦ ᠦᠵᠡᠵᠦ ᠪᠠᠶᠢᠨ᠎ᠠ᠃ ᠪᠢ ᠤᠭ᠍ᠶᠤᠲᠤᠯᠤᠭᠠᠢ ᠲᠥᠰᠥᠯ ᠢ ᠡᠰᠡᠷᠭᠦᠴᠡᠭᠴᠢ ᠪᠢᠰᠢ ᠰᠢᠦ᠃ ᠠᠷᠠᠳᠴᠢᠯᠠᠭᠰᠠᠨ ᠵᠠᠬ᠎ᠠ ᠵᠡᠭᠡᠯᠢ ᠳᠦ ᠣᠷᠣᠭᠤᠯᠤᠭᠰᠠᠨ ᠬᠠᠮᠤᠭ ᠤᠨ ᠲᠣᠮᠣ᠂ ᠲᠡᠦᠬᠡᠨ ᠲᠥᠰᠥᠯ᠃ ᠭᠡᠬᠦ ᠳᠦ ᠪᠡᠨ ᠡᠨᠡ ᠲᠥᠰᠥᠯ ᠬᠣᠶᠠᠷ ᠲᠠᠯ᠎ᠠ ᠶᠢᠨ ᠬᠠᠮᠲᠤᠷᠠᠭᠰᠠᠨ ᠠᠰᠢᠭᠲᠠᠢ ᠪᠠᠶᠢᠬᠤ ᠡᠭᠦᠳᠡᠨ ᠡᠴᠡ ᠬᠡᠯᠡᠯᠴᠡᠵᠦ᠂ ᠶᠠᠷᠢᠯᠴᠠᠵᠤ ᠥᠭᠡᠷᠡᠴᠢᠯᠡᠬᠦ ᠶᠣᠰᠣᠲᠠᠢ ᠭᠡᠯ᠎ᠡ᠃

ᠰᠡᠳᠬᠢᠭᠳᠡᠯ ᠦᠯᠡᠳᠡᠭᠡᠬᠦ