ᠰ∙ᠡᠷᠳᠡᠨᠢ᠄ ᠵᠠᠰᠠᠭ ᠤᠨ ᠭᠠᠵᠠᠷ ᠢ ᠤᠭᠴᠠᠷᠠᠭᠤᠯᠬᠤ ᠶᠢᠨ ᠲᠥᠯᠥᠭᠡ ᠶᠠᠪᠤᠨ᠎ᠠ | News.MN

ᠰ∙ᠡᠷᠳᠡᠨᠢ᠄ ᠵᠠᠰᠠᠭ ᠤᠨ ᠭᠠᠵᠠᠷ ᠢ ᠤᠭᠴᠠᠷᠠᠭᠤᠯᠬᠤ ᠶᠢᠨ ᠲᠥᠯᠥᠭᠡ ᠶᠠᠪᠤᠨ᠎ᠠ

ᠤᠯᠤᠰ ᠤᠨ ᠶᠡᠬᠡ ᠬᠤᠷᠠᠯ ᠤᠨ 42 ᠳ᠋ᠤᠭᠠᠷ ᠲᠣᠭᠣᠷᠢᠭ ᠲᠤ ᠨᠥᠬᠥᠨ ᠰᠣᠩᠭᠣᠭᠤᠯᠢ ᠶᠠᠪᠤᠭᠤᠯᠬᠤ ᠪᠠᠷ ᠪᠡᠯᠡᠳᠬᠡᠯ ᠠᠵᠢᠯ ᠶᠠᠪᠤᠭᠳᠠᠵᠤ ᠪᠠᠶᠢᠭ᠎ᠠ ᠡᠨᠡ ᠦᠶ᠎ᠡ ᠳᠦ ᠨᠡᠷ᠎ᠡ ᠪᠦᠬᠦᠢ ᠢᠷᠭᠡᠳ ᠦᠨᠳᠦᠰᠦᠨ ᠬᠠᠤᠯᠢ ᠶᠢᠨ  ᠰᠡᠴᠡ ᠳᠦ ᠬᠠᠨᠳᠤᠵᠤ ᠂ ᠤᠯᠤᠰ ᠤᠨ ᠶᠡᠬᠡ ᠬᠤᠷᠠᠯ ᠤᠨ ︽ ᠤᠯᠤᠰ ᠤᠨ ᠶᠡᠬᠡ ᠬᠤᠷᠠᠯ ᠤᠨ ᠭᠡᠰᠢᠭᠦᠨ ᠡᠴᠡ ᠴᠢᠯᠦᠭᠡᠯᠡᠬᠦ ᠲᠤᠬᠠᠢ ︾49 ᠳ᠋ᠤᠭᠡᠷ ᠲᠣᠭᠲᠠᠭᠠᠯ᠂  ︽ᠮᠣᠩᠭᠣᠯ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ 42 ᠳ᠋ᠤᠭᠠᠷ ᠲᠣᠭᠣᠷᠢᠭ ᠲᠤ ᠨᠥᠬᠥᠨ ᠰᠣᠩᠭᠣᠭᠤᠯᠢ ᠲᠣᠪᠯᠠᠨ ᠵᠠᠷᠯᠠᠬᠤ᠂ ᠰᠠᠨᠠᠯ ᠠᠪᠬᠤ ᠡᠳᠦᠷ ᠢ ᠲᠣᠭᠲᠠᠭᠠᠬᠤ ᠲᠤᠬᠠᠢ︾ 22 ᠳ᠋ᠤᠭᠠᠷ ᠲᠣᠭᠲᠠᠭᠠᠯ ᠂ ︽ ᠰᠣᠩᠭᠣᠭᠤᠯᠢ ᠶᠢᠨ ᠲᠤᠬᠠᠢ ︾ ᠬᠠᠤᠯᠢ ᠶᠢᠨ 12 ᠳ᠋ᠤᠭᠠᠷ ᠵᠦᠢᠯ ᠦᠨ 12.1᠂ 12.3 ᠳ᠋ᠡᠬᠢ ᠬᠡᠰᠡᠭ ᠦᠨᠳᠦᠰᠦᠨ ᠬᠠᠤᠯᠢ ᠶᠢᠨ ᠵᠠᠷᠢᠮ ᠵᠢᠭᠠᠯᠲᠠ ᠳᠤ ᠨᠡᠶᠢᠴᠡᠭᠡ ᠦᠭᠡᠢ ᠪᠠᠶᠢᠨ᠎ᠠ ᠭᠡᠰᠡᠨ ᠮᠡᠳᠡᠭᠡᠯᠡᠯ ᠢᠷᠡᠭᠦᠯᠦᠭᠰᠡᠨ ᠪᠢᠯᠡ᠃ ᠬᠠᠷᠢᠨ ᠠᠷᠠᠳᠴᠢᠯᠠᠭᠰᠠᠨ ᠨᠠᠮ ᠤᠯᠤᠰ ᠤᠨ ᠶᠡᠬᠡ ᠬᠤᠷᠠᠯ ᠤᠨ ᠭᠡᠰᠢᠭᠦᠨ ᠠᠰᠠᠨ ᠳ∙ᠭᠠᠩᠲᠤᠯᠭ᠎ᠠ  ᠬᠦᠴᠦᠨ ᠦ ᠬᠡᠷᠡᠭ ᠲᠦ ᠬᠣᠯᠪᠣᠭᠳᠠᠨ ᠰᠢᠯᠭᠠᠭᠳᠠᠵᠤ᠂ ᠥᠪᠡᠷ ᠢᠶᠠᠨ ᠤᠯᠤᠰ ᠤᠨ ᠶᠡᠬᠡ ᠬᠤᠷᠠᠯ ᠤᠨ ᠭᠡᠰᠢᠭᠦᠨ ᠡᠴᠡ ᠴᠢᠯᠦᠭᠡᠯᠡᠭᠳᠡᠬᠦ ᠬᠦᠰᠡᠯᠲᠡ ᠪᠡᠨ ᠭᠠᠷᠭᠠᠭᠰᠠᠨ ᠨᠢ ᠦᠨᠳᠦᠰᠦᠨ ᠬᠠᠤᠯᠢ ᠵᠥᠷᠢᠴᠡᠭᠡ ᠦᠭᠡᠢ ᠭᠡᠵᠦ ᠦᠵᠡᠵᠦ᠂ ᠦᠨᠳᠦᠰᠦᠨ ᠬᠠᠤᠯᠢ ᠶᠢᠨ ᠰᠡᠴᠡ ᠶᠢ ᠤᠯᠤᠰ ᠲᠥᠷᠥ ᠶᠢᠨ ᠵᠠᠬᠢᠶᠠᠯᠠᠭ᠎ᠠ ᠪᠠᠷ ᠠᠰᠠᠭᠤᠳᠠᠯ ᠳᠤ ᠬᠠᠨᠳᠤᠬᠤ ᠦᠭᠡᠢ ᠪᠠᠶᠢᠬᠤ ᠶᠢ ᠠᠩᠬᠠᠷᠤᠭᠤᠯᠤᠭᠰᠠᠨ ᠪᠢᠴᠢᠭ ᠶᠠᠪᠤᠭᠤᠯᠤᠭᠰᠠᠨ᠃ ᠢᠷᠭᠡᠳ ᠦᠨ ᠮᠡᠳᠡᠭᠡᠯᠡᠯ ᠦᠨ ᠳᠠᠭᠠᠤ ᠡᠭᠦᠰᠦᠭᠰᠡᠨ ᠮᠠᠷᠭᠤᠭᠠᠨ ᠢ ᠬᠢᠨᠠᠨ ᠬᠡᠯᠡᠯᠴᠡᠬᠦ ᠦᠨᠳᠦᠰᠦᠨ ᠬᠠᠤᠯᠢ ᠶᠢᠨ ᠰᠡᠴᠡ ᠶᠢᠨ ᠳᠤᠮᠳᠠ ᠰᠠᠭᠤᠳᠠᠯ ᠤᠨ ᠬᠤᠷᠠᠯᠳᠤᠭᠠᠨ ᠢ ᠡᠨᠡ ᠰᠠᠷ᠎ᠠ ᠶᠢᠨ 27 ᠤ ᠡᠳᠦᠷ ᠬᠢᠬᠦ ᠪᠡᠷ ᠲᠣᠪᠯᠠᠭᠰᠠᠨ᠃ ᠡᠭᠦᠨ ᠲᠡᠢ ᠬᠣᠯᠪᠣᠭᠳᠠᠭᠤᠯᠤᠨ ᠠᠷᠠᠳᠴᠢᠯᠠᠭᠰᠠᠨ ᠨᠠᠮ ᠍ ᠤᠨ ᠳᠠᠷᠤᠭ᠎ᠠ ᠰ∙ᠡᠷᠳᠡᠨᠢ ᠰᠡᠳᠬᠦᠯᠴᠢᠳ ᠦᠨ ᠠᠰᠠᠭᠤᠯᠲᠠ ᠳᠤ ᠬᠠᠷᠢᠭᠤᠯᠤᠯ᠎ᠠ᠃
– ᠦᠨᠳᠦᠰᠦᠨ ᠬᠠᠤᠯᠢ ᠶᠢᠨ ᠰᠡᠴᠡ ᠮᠠᠷᠭᠤᠭᠠᠨ ᠢ ᠬᠡᠯᠡᠯᠴᠡᠬᠦ ᠪᠡᠷ ᠪᠣᠯᠤᠯ᠎ᠠ᠃ ᠲᠠ ᠡᠭᠦᠨ ᠢ ᠬᠡᠷᠬᠢᠨ ᠬᠠᠷᠠᠵᠤ ᠪᠠᠶᠢᠨ᠎ᠠ ᠪᠤᠢ ︖
– ᠫᠷᠣᠼᠧᠰᠰ ᠢ ᠬᠠᠷᠠᠬᠤ ᠳᠤ ᠮᠠᠰᠢ ᠰᠢᠭᠤᠷᠬᠠᠢ ᠶᠠᠪᠤᠵᠤ ᠪᠠᠶᠢᠨ᠎ᠠ᠃ ᠠᠷᠠᠳᠴᠢᠯᠠᠭᠰᠠᠨ ᠨᠠᠮ ᠤᠨ ᠲᠠᠯᠪᠢᠭᠰᠠᠨ ᠠᠰᠠᠭᠤᠳᠠᠯ ᠢ ᠣᠳᠣ ᠬᠦᠷᠲᠡᠯ᠎ᠡ ᠰᠢᠢᠳᠦᠭᠰᠡᠨ ᠦᠭᠡᠢ᠃ ᠭᠡᠲᠡᠯ᠎ᠡ ᠰᠤᠳᠤᠯᠤᠭᠠᠴᠢ ᠳ ∙ ᠭᠠᠩᠬᠤᠶᠠᠭ ᠭᠡᠳᠡᠭ ᠬᠦᠮᠦᠨ ‍ᠣ ᠡᠷᠭᠦᠳᠡᠯ ᠢ ᠮᠠᠰᠢ ᠰᠢᠭᠤᠷᠬᠠᠢ ᠠᠪᠤᠭᠠᠳ ᠮᠠᠷᠭᠤᠭᠠᠨ ᠡᠭᠦᠰᠬᠡᠬᠦ ᠪᠡᠷ ᠪᠣᠯᠵᠤ ᠪᠠᠶᠢᠨ᠎ᠠ᠃ ᠳ∙ᠭᠠᠩᠲᠤᠯᠭ᠎ᠠ ᠭᠡᠳᠡᠭ ᠬᠦᠮᠦᠨ ᠥᠪᠡᠷ ᠢᠶᠡᠨ ᠬᠠᠤᠯᠢ ᠶᠢᠨ ᠳᠠᠭᠠᠤ ᠡᠷᠭᠦᠳᠡᠯ ᠢᠶᠡᠨ ᠥᠭᠭᠦᠭᠡᠳ  ᠤᠭᠴᠤᠷᠠᠭᠰᠠᠨ᠃ ᠤᠯᠤᠰ ᠤᠨ ᠶᠡᠬᠡ ᠬᠤᠷᠠᠯ ᠬᠠᠤᠯᠢ ᠳᠦᠷᠢᠮ ᠦᠨ ᠳᠠᠭᠠᠤ ᠲᠣᠭᠲᠠᠭᠠᠯ ᠰᠢᠢᠳᠪᠦᠷᠢ ᠪᠡᠨ ᠭᠠᠷᠭᠠᠭᠠᠳ ᠶᠠᠪᠤᠭᠰᠠᠨ᠃ 76 ᠭᠡᠰᠢᠭᠦᠨ ᠪᠡᠯᠭᠡ ᠳᠡᠮᠪᠡᠷᠢᠯ ᠢᠶᠡᠨ ᠪᠣᠳᠣᠭᠰᠠᠨ ᠴᠤ ᠭᠡᠰᠡᠨ ᠬᠦᠴᠦᠨ ᠦ ᠬᠡᠷᠡᠭ  ᠠᠬᠢᠨ  ᠳᠠᠬᠢᠨ ᠬᠡᠯᠡᠯᠴᠡᠭᠡᠳ ᠰᠠᠭᠤᠵᠤ ᠪᠠᠶᠢᠬᠤ ᠤᠤ᠃ ᠤᠯᠤᠰ ᠲᠦᠷᠦᠴᠢ ᠶᠢᠨ ᠮᠡᠳᠡᠷᠡᠮᠵᠢ ᠪᠡᠷ ᠬᠠᠷᠠᠬᠤ ᠳᠤ ᠨᠥᠭᠥᠭᠡ ᠲᠠᠯ᠎ᠠ ᠳᠤ ᠦᠢᠯᠡᠴᠢᠯᠡᠭᠡᠳ ᠡᠬᠢᠯᠡᠵᠡᠢ᠃ ᠡᠷᠬᠡ ᠪᠠᠷᠢᠭᠴᠢ ᠨᠠᠮ 2016 ᠣᠨ ᠳᠤ ᠠᠮᠠᠯᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠃ ᠡᠨᠡ ᠰᠣᠩᠭᠣᠭᠤᠯᠢ ᠪᠠᠷ ᠬᠠᠷᠢᠭᠤᠴᠠᠯᠭ᠎ᠠ ᠪᠠᠨ ᠬᠦᠯᠢᠶᠡᠬᠦ ᠮᠠᠭᠠᠳᠯᠠᠯ ᠥᠨᠳᠥᠷ ᠪᠠᠶᠢᠭᠰᠠᠨ ᠤᠴᠢᠷ ᠰᠣᠩᠭᠣᠭᠤᠯᠢ ᠶᠢ ᠶᠠᠪᠤᠭᠤᠯᠬᠤ ᠦᠭᠡᠢ ᠪᠠᠶᠢᠬᠤ ᠠᠷᠭ᠎ᠠ ᠬᠡᠷᠡᠭᠯᠡᠵᠦ ᠪᠠᠶᠢᠨ᠎ᠠ᠃
– ᠵᠠᠰᠠᠭ ᠤᠨ ᠭᠠᠵᠠᠷ ᠤᠨ ᠭᠡᠰᠢᠭᠦᠳ ᠠᠪᠯᠢᠭ᠎ᠠ ᠶᠢᠨ ᠠᠰᠠᠭᠤᠳᠠᠯ ᠳᠤ ᠬᠣᠯᠪᠣᠭᠳᠠᠭᠠᠳ ᠪᠠᠶᠢᠭ᠎ᠠ᠃ ᠰᠥᠷᠭᠦ ᠬᠦᠴᠦᠨ ᠠᠰᠠᠭᠤᠳᠠᠯ ᠳᠤ ᠬᠡᠷᠬᠢᠨ ᠬᠠᠨᠳᠤᠵᠤ ᠪᠠᠶᠢᠨ᠎ᠠ ᠪᠤᠢ ︖
– ᠪᠢ ᠡᠨᠡ ᠠᠰᠠᠭᠤᠳᠠᠯ ᠢᠶᠠᠷ ᠬᠡᠪᠯᠡᠯ ᠦᠨ ᠮᠡᠳᠡᠭᠡᠯᠡᠯ ᠲᠡᠢ ᠪᠠᠶᠢᠭ᠎ᠠ᠃ ᠭᠡᠬᠦ ᠳᠦ ᠪᠡᠨ ᠰᠠᠶᠢᠳ ᠨᠠᠷ ᠨᠢ 10 ᠰᠠᠶ᠎ᠠ ᠳ᠋ᠣᠯᠯᠠᠷ᠂ ᠹᠷᠠᠨᠼᠢ ᠠᠴᠠ ᠠᠪᠯᠢᠭ᠎ᠠ ᠠᠪᠤᠭᠰᠠᠨ ᠵᠡᠷᠭᠡ ᠨᠢ ᠨᠡᠷ᠎ᠡ ᠤᠰᠤ ᠲᠠᠢ ᠪᠠᠨ ᠲᠣᠳᠣᠷᠬᠠᠢ ᠪᠣᠯᠤᠭᠠᠳ ᠪᠠᠶᠢᠨ᠎ᠠ᠃ ᠰᠢᠳᠤᠷᠭᠤ ᠶᠣᠰᠣᠨ ᠤ ᠲᠥᠯᠥᠭᠡ ᠦᠬᠦᠬᠦ ᠡᠴᠡ ᠪᠤᠴᠠᠬᠤ ᠦᠭᠡᠢ ᠭᠡᠳ ᠪᠠᠶᠢᠭᠰᠠᠨ ᠶᠡᠷᠦᠩᠬᠡᠢ ᠰᠠᠶᠢᠳ ᠨᠢ ᠲᠠᠭ ᠪᠠᠶᠢᠨ᠎ᠠ᠃ ᠲᠥᠰᠥᠪ ᠮᠠᠰᠢ ᠰᠠᠶᠢᠨ ᠪᠠᠶᠢᠭ᠎ᠠ᠃ ᠠᠭᠤᠯᠠ ᠠᠭᠤᠷᠬᠠᠢ ᠶᠢᠨ ᠪᠦᠲᠦᠭᠡᠭᠳᠡᠬᠦᠨ ᠳᠡᠯᠡᠬᠡᠢ ᠶᠢᠨ ᠵᠠᠬ᠎ᠠ ᠵᠡᠭᠡᠯᠢ ᠳᠦ ᠦᠨ᠎ᠡ ᠳᠦ ᠣᠷᠣᠭᠰᠠᠨ᠃ 4.4 ᠲᠡᠷᠪᠤᠮ ᠳ᠋ᠣᠯᠯᠠᠷ ᠢᠶᠠᠷ ᠶᠠᠭᠤ ᠬᠢᠭᠰᠡᠨ ᠢᠶᠡᠨ ᠡᠨᠡ ᠡᠷᠬᠡ ᠪᠠᠷᠢᠭᠴᠢᠳ ᠲᠠᠶᠢᠯᠪᠤᠷᠢᠯᠠᠬᠤ ᠬᠡᠷᠡᠭᠲᠡᠢ᠃ ᠰᠠᠩ ᠤᠨ ᠰᠠᠶᠢᠳ ᠭᠡᠵᠦ ᠮᠣᠩᠭᠣᠯ ᠤᠨ ᠲᠡᠷᠢᠭᠦᠨ ᠬᠤᠳᠠᠯᠴᠢ ᠪᠠᠶᠢᠨ᠎ᠠ᠃  ᠦᠷᠢ ᠳᠠᠷᠤᠭᠠᠳ ᠪᠠᠶᠢᠨ᠎ᠠ ᠭᠡᠳ ᠪᠠᠶᠢᠭ᠎ᠠ᠃ ᠭᠡᠲᠡᠯ᠎ᠡ ᠦᠷᠢ 4.5 ᠲᠡᠷᠪᠤᠮ ᠲᠥᠭᠥᠷᠢᠭ ᠢᠶᠡᠷ ᠥᠰᠦᠭᠰᠡᠨ᠃ 2016 ᠣᠨ ᠲᠠᠢ ᠬᠠᠷᠢᠴᠠᠭᠤᠯᠬᠤ ᠳᠤ ᠨᠡᠶᠢᠲᠡ ᠪᠠᠷᠠᠭ᠎ᠠ ᠪᠦᠲᠦᠭᠡᠭᠳᠡᠬᠦᠨ ᠦ ᠦᠨ᠎ᠡ 40 ᠣᠷᠴᠢᠮ ᠬᠤᠪᠢ ᠪᠠᠷ ᠥᠰᠦᠭᠰᠡᠨ᠃
ᠠᠷᠠᠳᠴᠢᠯᠠᠭᠰᠠᠨ ᠨᠠᠮ᠍ ᠤᠨ ᠤᠳᠤᠷᠢᠳᠬᠤ ᠵᠥᠪᠯᠡᠯ ᠬᠤᠷᠠᠯᠳᠤᠵᠤ᠂ ᠨᠡᠶᠢᠭᠡᠮ ᠳᠦ ᠡᠭᠦᠰᠦᠭᠡᠳ ᠪᠠᠶᠢᠭ᠎ᠠ ᠠᠰᠠᠭᠤᠳᠠᠯ ᠢᠶᠠᠷ ᠪᠦᠬᠦ ᠠᠷᠠᠳ ᠲᠦᠮᠡᠨ ᠦ ᠡᠰᠡᠷᠭᠦᠴᠡᠯ ᠦᠨ ᠵᠢᠭᠰᠠᠭᠠᠯ ᠵᠣᠬᠢᠶᠠᠨ ᠪᠠᠶᠢᠭᠤᠯᠤᠨ᠎ᠠ᠃ ᠠᠷᠠᠳᠴᠢᠯᠠᠭᠰᠠᠨ ᠨᠠᠮ ᠳᠤᠤᠭᠠᠷᠬᠤ ᠦᠭᠡᠢ ᠪᠣᠯ ᠬᠡᠨ ᠴᠤ ᠳᠤᠤᠭᠠᠷᠬᠤ ᠦᠭᠡᠢ ᠶᠤᠮ ᠪᠠᠶᠢᠨ᠎ᠠ᠃ ᠬᠡᠨ ᠨᠢ ᠰᠢᠳᠤᠷᠭᠤ ᠶᠣᠰᠣᠨ ᠤ ᠲᠥᠯᠥᠭᠡ ᠶᠠᠪᠤᠭᠠᠳ ᠪᠠᠶᠢᠭ᠎ᠠ ᠶᠤᠮ ᠪᠤᠢ ᠭᠡᠳᠡᠭ ᠢᠶᠡᠨ ᠠᠷᠠᠳ ᠲᠦᠮᠡᠨ ᠦ ᠡᠮᠦᠨ᠎ᠡ ᠮᠡᠳᠬᠡᠯᠴᠡᠶ᠎ᠡ᠃

ᠰᠡᠳᠬᠢᠭᠳᠡᠯ ᠦᠯᠡᠳᠡᠭᠡᠬᠦ