︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ︾ ᠵᠢᠷᠭᠤᠳᠤᠭᠠᠷ ᠬᠤᠷᠠᠯ ᠪᠣᠯᠤᠨ᠎ᠠ | News.MN

 ︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ︾ ᠵᠢᠷᠭᠤᠳᠤᠭᠠᠷ ᠬᠤᠷᠠᠯ ᠪᠣᠯᠤᠨ᠎ᠠ

ᠮᠣᠩᠭᠣᠯ ᠤᠯᠤᠰ 1980 ᠍ ᠊ᠭᠠᠳ ᠣᠨ ᠠᠴᠠ ᠵᠡᠭᠦᠨ ᠬᠤᠶᠢᠳᠤ ᠠᠽᠢᠶ᠎ᠠ ᠶᠢᠨ ᠶᠠᠷᠢᠶ᠎ᠠ ᠬᠡᠯᠡᠯᠴᠡᠭᠡᠨ ᠦ ᠮᠧᠬᠠᠨᠢᠰᠮ ᠢ ᠪᠤᠢ ᠪᠣᠯᠭᠠᠬᠤ ᠰᠠᠨᠠᠯ ᠢ ᠲᠤᠤᠱᠲᠠᠢ ᠳᠡᠪᠰᠢᠭᠦᠯᠵᠦ ᠢᠷᠡᠭᠰᠡᠨ ᠪᠠ 2013 ᠣᠨ ᠳᠤ ᠵᠡᠭᠦᠨ  ᠬᠤᠶᠢᠳᠤ ᠠᠽᠢᠶ᠎ᠠ ᠶᠢᠨ ᠠᠶᠤᠯᠭᠦᠢ ᠪᠠᠶᠢᠳᠠᠯ ᠤᠨ  ︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ︾ ᠰᠠᠨᠠᠭᠠᠴᠢᠯᠠᠭ᠎ᠠ ᠶᠢ ᠳᠡᠪᠰᠢᠭᠦᠯᠦᠭᠰᠡᠨ ᠦ ᠬᠦᠷᠢᠶᠡᠨ ᠳᠦ 2014 ᠣᠨ ᠠᠴᠠ ᠣᠯᠠᠨ ᠤᠯᠤᠰ ᠤᠨ ᠪᠠᠭ᠎ᠠ ᠬᠤᠷᠠᠯ ᠢ ᠵᠢᠯ ᠪᠦᠷᠢ ᠵᠣᠬᠢᠶᠠᠨ ᠪᠠᠶᠢᠭᠤᠯᠵᠤ ᠪᠠᠶᠢᠨ᠎ᠠ᠃ ᠤᠯᠠᠮ ᠢᠶᠠᠷ ᠪᠠᠭ᠎ᠠ ᠬᠤᠷᠠᠯ ᠢ 2017 ᠣᠨ ᠠᠴᠠ ᠠᠯᠪᠠᠨ ᠶᠣᠰᠣᠭᠠᠷ 1.5 ᠰᠤᠪᠠᠭ ᠤᠨ ᠲᠦᠪᠰᠢᠨ ᠳᠦ ᠪᠤᠶᠤ ᠠᠯᠪᠠᠨ ᠤ ᠪᠣᠯᠤᠨ ᠡᠷᠳᠡᠮᠲᠡᠨ ᠰᠤᠳᠤᠯᠤᠭᠠᠴᠢᠳ ᠤᠨ ᠬᠣᠣᠰᠯᠠᠭᠰᠠᠨ ᠲᠦᠪᠰᠢᠨ ᠳᠦ ᠵᠣᠬᠢᠶᠠᠨ ᠪᠠᠶᠢᠭᠤᠯᠬᠤ ᠪᠣᠯᠤᠭᠰᠠᠨ᠃
ᠡᠳᠦᠭᠡ ᠪᠠᠭ᠎ᠠ ᠬᠤᠷᠠᠯ ᠤᠨ ᠨᠡᠷ᠎ᠡ ᠬᠦᠨᠳᠦ ᠥᠰᠴᠦ᠂ ᠶᠠᠷᠢᠶ᠎ᠠ ᠬᠡᠯᠡᠯᠴᠡᠯ ᠦᠨ ᠴᠠᠷ᠎ᠠ ᠬᠦᠷᠢᠶ᠎ᠡ ᠥᠷᠭᠡᠵᠢᠨ ᠪᠥᠰᠡ ᠨᠤᠲᠤᠭ ᠤᠨ  ᠠᠶᠦᠯᠭᠦᠢ ᠪᠠᠶᠢᠳᠠᠯ᠂ ᠡᠷᠴᠢᠮ ᠬᠦᠴᠦ᠂ ᠳᠡᠳ᠋ ᠪᠦᠲᠦᠴᠡ ᠶᠢᠨ ᠰᠦᠯᠵᠢᠶ᠎ᠡ᠂ ᠨᠣᠭᠣᠭᠠᠨ ᠬᠥᠭᠵᠢᠯ᠂ ᠬᠦᠮᠦᠯᠢᠭ ᠦᠨ ᠬᠠᠮᠲᠤ ᠶᠢᠨ ᠠᠵᠢᠯᠯᠠᠭᠠᠨ ᠤ ᠪᠣᠯᠤᠮᠵᠢ ᠵᠡᠷᠭᠡ ᠥᠷᠭᠡᠨ ᠬᠦᠷᠢᠶᠡᠨ ᠦ ᠠᠰᠠᠭᠤᠳᠠᠯ ᠢ ᠬᠡᠯᠡᠯᠴᠡᠳᠡᠭ᠂ ᠳᠡᠳ᠋ ᠪᠥᠰᠡ ᠶᠢᠨ ᠪᠦᠬᠦ ᠤᠯᠤᠰ ᠤᠨ ᠣᠷᠣᠯᠴᠠᠭ᠎ᠠ ᠶᠢ ᠬᠠᠩᠭᠠᠭᠰᠠᠨ᠂ ᠠᠯᠪᠠᠨ ᠤ ᠬᠦᠮᠦᠰ ᠪᠣᠯᠤᠨ ᠡᠷᠳᠡᠮᠲᠡᠨ ᠰᠤᠳᠤᠯᠤᠭᠠᠴᠢᠳ ᠤᠨ ᠥᠷᠭᠡᠨ ᠣᠷᠣᠯᠴᠠᠭ᠎ᠠ ᠲᠠᠢ ᠨᠡᠭᠡᠭᠡᠯᠲᠡ ᠲᠡᠢ ᠮᠧᠬᠠᠨᠢᠰᠮ ᠪᠣᠯᠤᠨ ᠲᠥᠯᠥᠪᠰᠢᠵᠦ ᠪᠠᠶᠢᠨ᠎ᠠ᠃ ᠡᠨᠡ ᠵᠢᠯ ᠦᠨ ︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ︾ ᠣᠯᠠᠨ ᠤᠯᠤᠰ ᠤᠨ ᠪᠠᠭ᠎ᠠ ᠬᠤᠷᠠᠯ  6 ᠳ᠋ᠤᠭᠠᠷ ᠰᠠᠷ᠎ᠠ ᠶᠢᠨ 5-6 ᠍ ᠤ ᠡᠳᠦᠷ ᠦᠳ ᠲᠦ ᠪᠤᠯᠤᠨ᠎ᠠ  ᠃ ᠬᠤᠷᠠᠯ ᠢ  ︽ᠵᠡᠭᠦᠨ  ᠬᠤᠶᠢᠳᠤ ᠠᠽᠢᠶ᠎ᠠ ᠶᠢᠨ  ᠠᠶᠤᠯᠭᠦᠢ ᠪᠠᠶᠢᠳᠠᠯ ᠤᠨ ᠣᠷᠴᠢᠨ᠄ ᠪᠣᠯᠤᠮᠵᠢ ᠪᠠ ᠰᠣᠷᠢᠯᠲᠠ ᠨᠤᠭᠤᠳ ︾᠂  ︽ᠵᠡᠭᠦᠨ ᠬᠤᠶᠢᠳᠤ ᠠᠽᠢᠶ᠎ᠠ ᠶᠢᠨ ᠬᠠᠮᠲᠤ ᠶᠢᠨ ᠠᠵᠢᠯᠯᠠᠭ᠎ᠠ᠂ ᠥᠷᠢᠰᠦᠯᠳᠦᠭᠡᠨ ᠦ ᠳ᠋ᠢᠨᠠᠮᠢᠺ︾ ᠭᠡᠰᠡᠨ ᠦᠨᠳᠦᠰᠦᠨ ᠬᠣᠶᠠᠷ᠂  ︽ᠵᠡᠭᠦᠨ ᠬᠤᠶᠢᠳᠤ ᠠᠽᠢᠶ᠎ᠠ ᠶᠢᠨ ᠡᠷᠴᠢᠮ ᠬᠦᠴᠦᠨ ᠦ ᠬᠠᠮᠲᠤ ᠶᠢᠨ ᠠᠵᠢᠯᠯᠠᠭᠠᠨ ᠤ ᠬᠡᠲᠦ ᠶᠢᠨ ᠲᠥᠯᠥᠪ︾᠂  ︽ᠵᠡᠭᠦᠨ ᠬᠤᠶᠢᠳᠤ ᠠᠽᠢᠶ᠎ᠠ ᠳ᠋ᠡᠬᠢ ᠬᠦᠮᠦᠯᠢᠭ ᠦᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ︾᠂  ︽ᠵᠡᠭᠦᠨ ᠬᠤᠶᠢᠳᠤ ᠠᠽᠢᠶ᠎ᠠ ᠶᠢᠨ ᠵᠠᠯᠠᠭᠤᠴᠤᠳ᠂ ᠡᠩᠬᠡ ᠲᠠᠶᠢᠪᠤᠩ᠂  ᠠᠶᠤᠯᠭᠦᠢ ᠪᠠᠶᠢᠳᠠᠯ ︾ ᠭᠡᠰᠡᠨ ᠭᠤᠷᠪᠠᠨ ᠰᠠᠯᠪᠤᠷᠢ ᠬᠤᠷᠠᠯᠳᠤᠭᠠᠨ ᠤ ᠬᠦᠷᠢᠶᠡᠨ ᠳᠦ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃
ᠪᠠᠭ᠎ᠠ ᠬᠤᠷᠠᠯ ᠳᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ᠂  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠮᠣᠩᠭᠣᠯ᠂ ᠣᠷᠣᠰ ᠤᠨ ᠬᠣᠯᠪᠣᠭᠠᠨ ᠤ ᠤᠯᠤᠰ᠂ ᠶᠠᠫᠣᠨ ᠭᠡᠰᠡᠨ ᠵᠡᠭᠦᠨ  ᠬᠤᠶᠢᠳᠤ ᠠᠽᠢᠶ᠎ᠠ ᠶᠢᠨ ᠵᠢᠷᠭᠤᠭᠠᠨ ᠤᠯᠤᠰ ᠠᠴᠠ ᠭᠠᠳᠠᠨ᠎ᠠ ᠠᠮᠧᠷᠢᠺᠠ  ᠂ ᠧᠦ᠋ᠷᠣᠫᠠ ᠶᠢᠨ ᠬᠣᠯᠪᠣᠭ᠎ᠠ᠂  ᠺᠠᠨᠠᠳᠠ ᠂  ᠭᠸᠷᠮᠡᠨ᠂ ᠰᠸᠢᠰ ᠵᠡᠷᠭᠡ ᠤᠯᠤᠰ᠂ ᠮᠥᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠵᠡᠷᠭᠡ ᠣᠯᠠᠨ ᠤᠯᠤᠰ ᠤᠨ ᠵᠠᠷᠢᠮ ᠪᠠᠶᠢᠭᠤᠯᠤᠯᠭ᠎ᠠ ᠶᠢᠨ ᠲᠥᠯᠥᠭᠡᠯᠡᠯ ᠢ ᠣᠷᠤᠯᠴᠠᠭᠤᠯᠤᠭᠰᠠᠨ ᠳᠣᠲᠣᠭᠠᠳᠤ᠂ ᠭᠠᠳᠠᠭᠠᠳᠤ ᠶᠢᠨ ᠨᠡᠶᠢᠲᠡ 200 ᠣᠷᠴᠢᠮ ᠲᠥᠯᠥᠭᠡᠯᠡᠭᠴᠢ᠂ ᠡᠷᠳᠡᠮᠲᠡᠨ᠂ ᠰᠤᠳᠤᠯᠤᠭᠠᠴᠢᠳ ᠣᠷᠣᠯᠴᠠᠨ᠎ᠠ᠃

ᠰᠡᠳᠬᠢᠭᠳᠡᠯ ᠦᠯᠡᠳᠡᠭᠡᠬᠦ