ᠳ∙ᠴᠣᠭᠲᠤᠪᠠᠭᠠᠲᠤᠷ ᠤᠨ ᠠᠶᠢᠯᠴᠢᠯᠠᠯ ᠠᠮᠵᠢᠯᠲᠠ ᠲᠠᠢ ᠥᠨᠳᠥᠷᠯᠡᠯ᠎ᠡ | News.MN

ᠳ∙ᠴᠣᠭᠲᠤᠪᠠᠭᠠᠲᠤᠷ ᠤᠨ ᠠᠶᠢᠯᠴᠢᠯᠠᠯ ᠠᠮᠵᠢᠯᠲᠠ ᠲᠠᠢ ᠥᠨᠳᠥᠷᠯᠡᠯ᠎ᠡ

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠴᠸᠺ ᠤᠯᠤᠰ ᠍ ᠤᠨ ᠭᠠᠳᠠᠭᠠᠳᠤ ᠬᠡᠷᠡᠭ ᠦᠨ ᠰᠠᠶᠢᠳ ᠦᠨ ᠤᠷᠢᠯᠭ᠎ᠠ ᠪᠠᠷ ᠲᠤᠰ ᠤᠯᠤᠰ ᠲᠤ 5 ᠳ᠋ᠤᠭᠠᠷ ᠰᠠᠷ᠎ᠠ ᠶᠢᠨ 20-21 ᠍ ᠦ ᠡᠳᠦᠷ ᠦᠳ ᠲᠦ ᠠᠯᠪᠠᠨ ᠶᠣᠰᠣᠨ ᠤ ᠠᠶᠢᠯᠴᠢᠯᠠᠯ ᠬᠢᠯ᠎ᠡ᠃ ᠠᠶᠢᠯᠴᠢᠯᠠᠯ ᠤᠨ  ᠬᠤᠶᠠᠳᠠᠬᠢ ᠡᠳᠦᠷ ᠳ∙ᠴᠣᠭᠲᠤᠪᠠᠭᠠᠲᠤᠷ ᠪᠦᠭᠦᠳᠡ ᠨᠠᠶᠢᠷᠠᠮᠳᠠᠬᠤ ᠴᠸᠺ ᠤᠯᠤᠰ᠍ ᠤᠨ ᠶᠡᠷᠦᠩᠬᠡᠢ ᠰᠠᠶᠢᠳ ᠠᠨᠳᠠᠷᠢ  ᠪᠠᠪᠢᠱ ᠳᠤ ᠪᠠᠷᠠᠭᠠᠯᠬᠠᠵᠤ᠂ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠬᠥᠳᠡᠭᠡ ᠠᠵᠤ ᠠᠬᠤᠢ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ᠂  ᠴᠸᠺ ᠦᠨ ᠲᠧᠭᠨᠢᠭ ᠲᠧᠭᠨᠣᠯᠣᠭᠢ᠂ ᠲᠤᠷᠰᠢᠯᠭ᠎ᠠ ᠪᠠᠷ ᠨᠡᠮᠡᠭᠦᠦ ᠥᠷᠲᠡᠭ ᠰᠢᠩᠭᠡᠭᠰᠡᠨ ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠠᠰᠠᠭᠤᠳᠠᠯ ᠢᠶᠠᠷ ᠰᠠᠨᠠᠯ ᠰᠤᠯᠢᠯᠴᠠᠪᠠ᠃
ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠵᠡᠷᠯᠢᠭ ᠠᠳᠤᠭᠤᠨ ᠤ ᠰᠡᠭᠦᠯᠴᠢ ᠶᠢᠨ ᠲᠥᠷᠥᠯ ᠪᠣᠯᠬᠤ ᠲᠠᠬᠢ ᠶᠢᠨ ᠲᠥᠷᠥᠯ ᠵᠦᠢᠯ ᠢ ᠬᠠᠮᠠᠭᠠᠯᠠᠬᠤ᠂ ᠥᠰᠬᠡᠨ ᠦᠷᠡᠵᠢᠭᠦᠯᠬᠦ ᠦᠢᠯᠡᠰ ᠲᠦ ᠣᠨᠴᠠᠭᠠᠢ ᠬᠤᠪᠢ ᠣᠷᠣᠭᠤᠯᠵᠤ ᠪᠠᠶᠢᠭ᠎ᠠ ᠫᠠᠷᠠᠭ᠎ᠠ ᠬᠣᠲᠠ ᠶᠢᠨ ᠠᠮᠢᠲᠠᠨ ᠤ ᠬᠦᠷᠢᠶᠡᠯᠡᠩ ᠳᠦ ᠵᠣᠴᠢᠯᠠᠵᠤ᠂ ᠲᠤᠰ ᠠᠮᠢᠲᠠᠨ ᠤ ᠬᠦᠷᠢᠶᠡᠯᠡᠩ ᠦᠨ ᠵᠠᠬᠢᠷᠤᠯ ᠮᠢᠷᠣᠰᠯᠠᠪ ᠪᠣᠪᠧᠺ᠂ ᠫᠠᠷᠭ᠎ᠠ ᠬᠣᠲᠠ ᠶᠢᠨ ᠳᠠᠷᠤᠭ᠎ᠠ ᠶᠢᠨ ᠣᠷᠣᠯᠠᠭᠴᠢ ᠫᠧᠲ᠋ᠷ ᠬᠯᠤᠪᠤᠴᠧᠺ  ᠨᠠᠷ ᠲᠠᠢ ᠠᠭᠤᠯᠵᠠᠯᠲᠠ ᠬᠢᠯ᠎ᠡ᠃  ᠮᠦᠨ ᠲᠡᠷᠡ ᠪᠦᠭᠦᠳᠡ ᠨᠠᠶᠢᠷᠠᠮᠳᠠᠬᠤ ᠴᠸᠺ ᠤᠯᠤᠰ ᠍ ᠤᠨ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠷᠠᠳᠧᠺ  ᠸᠤᠨᠳ᠋ᠷᠠᠴᠸᠺ ᠲᠤ ᠪᠠᠷᠠᠭᠠᠯᠬᠠᠵᠤ᠂ ᠬᠣᠶᠠᠷ ᠤᠯᠤᠰ ᠤᠨ ᠬᠠᠤᠯᠢ ᠲᠣᠭᠲᠠᠭᠠᠬᠤ ᠳᠡᠭᠡᠳᠦ ᠪᠠᠶᠢᠭᠤᠯᠤᠯᠭ᠎ᠠ᠂ ᠫᠠᠷᠯᠠᠮᠧᠨᠲ ᠤᠨ ᠨᠠᠶᠢᠷᠠᠮᠳᠠᠯ ᠤᠨ ᠪᠦᠯᠦᠭ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ