ᠮᠢᠬ᠎ᠠ ᠡᠺᠰᠫᠤᠷᠲᠯᠤᠭᠴᠢᠳ ᠲᠤ ᠺᠤᠸᠤᠳ᠋ ᠲᠣᠭᠲᠠᠭᠠᠨ᠎ᠠ | News.MN

ᠮᠢᠬ᠎ᠠ ᠡᠺᠰᠫᠤᠷᠲᠯᠤᠭᠴᠢᠳ ᠲᠤ ᠺᠤᠸᠤᠳ᠋ ᠲᠣᠭᠲᠠᠭᠠᠨ᠎ᠠ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠬᠡᠯᠡᠯᠴᠡᠭᠰᠡᠨ ᠠᠰᠠᠭᠤᠳᠠᠯ ᠤᠨ ᠲᠠᠯ᠎ᠠ ᠪᠠᠷ  ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ  ᠰᠠᠶᠢᠳ ᠴ∙ᠤᠯᠠᠭᠠᠨ ᠥᠨᠥᠳᠥᠷ  ︵2019.05.22 ︶ ᠮᠡᠳᠡᠭᠡᠯᠡᠯ ᠬᠢᠯ᠎ᠡ᠃  ᠲᠡᠷᠡ᠄ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠦᠨᠡᠰᠦᠨ ᠦ ᠳᠥᠷᠪᠡᠨ ᠨᠡᠷ᠎ᠡ ᠲᠥᠷᠥᠯ ᠦᠨ ᠪᠦᠲᠦᠭᠡᠭᠳᠡᠬᠦᠨ ᠦ ᠦᠨ᠎ᠡ ᠶᠢ ᠲᠣᠭᠲᠠᠪᠤᠷᠢᠲᠠᠢ ᠪᠠᠶᠢᠯᠭᠠᠬᠤ ᠠᠰᠠᠭᠤᠳᠠᠯ ᠢ ᠬᠡᠯᠡᠯᠴᠡᠯ᠎ᠡ᠃ ᠮᠢᠬᠠᠨ ᠤ ᠦᠨ᠎ᠡ ᠶᠢᠨ  ᠦᠰᠦᠯᠲᠠ ᠳᠤ ᠨᠥᠯᠦᠭᠡᠯᠡᠭᠰᠡᠨ ᠭᠣᠣᠯ ᠬᠦᠴᠦᠨ ᠵᠦᠢᠯ ᠨᠢ ᠳᠤᠯᠠᠭᠠᠨ ᠤ ᠠᠷᠭ᠎ᠠ ᠪᠠᠷ ᠮᠢᠬ᠎ᠠ ᠪᠣᠯᠪᠠᠰᠤᠷᠠᠭᠤᠯᠳᠠᠭ ᠦᠢᠯᠡᠳᠪᠦᠷᠢ ᠨᠦᠭᠦᠳ ᠨᠡᠶᠢᠰᠯᠡᠯ ᠦᠨ ᠮᠢᠬ᠎ᠠ ᠪᠣᠷᠣᠯᠠᠭᠤᠯᠳᠠᠭ ᠴᠡᠭ ᠡᠴᠡ ᠲᠦᠭᠦᠬᠡᠢ ᠡᠳ᠋ ᠍ ᠢᠶᠡᠨ ᠲᠠᠲᠠᠭᠰᠠᠨ ᠳᠤ ᠪᠤᠢ ᠃ ᠳᠤᠯᠠᠭᠠᠨ ᠤ ᠠᠷᠭ᠎ᠠ ᠪᠠᠷ ᠮᠢᠬ᠎ᠠ ᠪᠣᠯᠪᠠᠰᠤᠷᠠᠭᠤᠯᠵᠤ᠂ ᠡᠺᠰᠫᠤᠷᠲ ᠲᠤ ᠭᠠᠷᠭᠠᠬᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠠᠢ ᠬᠢᠭᠰᠡᠨ ᠫᠷᠣᠲ᠋ᠣᠺᠣᠯ ᠳᠤ ᠢᠲᠡᠭᠡᠮᠵᠢᠯᠡᠭᠳᠡᠭᠰᠡᠨ ᠯᠠᠪᠤᠷᠠᠲ᠋ᠣᠷᠢ ᠳᠤ ᠰᠢᠨᠵᠢᠯᠡᠭᠳᠡᠭᠰᠡᠨ ᠲᠦᠭᠦᠬᠡᠢ ᠡᠳ᠋ ᠢ ᠬᠡᠷᠡᠭᠯᠡᠬᠦ ᠭᠡᠷ᠎ᠡ ᠶᠢᠨ ᠡᠭᠦᠷᠭᠡ ᠲᠡᠢ᠃ ᠭᠡᠲᠡᠯ᠎ᠡ ᠵᠠᠬ᠎ᠠ ᠵᠡᠭᠡᠯᠢ ᠳᠡᠭᠡᠷ᠎ᠡ ᠡᠴᠡ ᠰᠢᠭᠤᠳ ᠲᠦᠭᠦᠬᠡᠢ ᠡᠳ᠋ ᠍ ᠢᠶᠡᠨ ᠪᠡᠯᠡᠳᠴᠦ ᠪᠠᠶᠢᠨ᠎ᠠ᠃ ᠡᠰᠡᠪᠡᠯ ᠵᠠᠬ᠎ᠠ ᠵᠡᠭᠡᠯᠢ ᠤᠷᠤᠭᠤ ᠤᠷᠤᠬᠤ ᠵᠠᠮ ᠳᠤ ᠨᠢ ᠲᠤᠰᠴᠦ ᠲᠦᠭᠦᠬᠡᠢ ᠡᠳ᠋ ᠪᠡᠯᠡᠳᠬᠡᠵᠦ ᠪᠠᠶᠢᠭ᠎ᠠ ᠨᠢ ᠪᠤᠷᠤᠭᠤ ᠶᠤᠮ᠃ ᠡᠨᠡ ᠨᠢ ᠡᠷᠡᠭᠦᠯ ᠠᠬᠤᠢ ᠶᠢᠨ ᠱᠠᠭᠠᠷᠳᠠᠯᠭ᠎ᠠ ᠶᠢ ᠴᠤ ᠬᠠᠩᠭᠠᠬᠤ ᠦᠭᠡᠢ ᠪᠠᠶᠢᠭ᠎ᠠ ᠶᠤᠮ᠃ ᠲᠡᠶᠢᠮᠦ ᠡᠴᠡ ᠵᠠᠰᠠᠭ ᠤᠨ ᠭᠠᠵᠠᠷ ᠠᠴᠠ ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠵᠤ᠂  ᠡᠺᠰᠫᠤᠷᠲ ᠳᠤ ᠭᠠᠷᠭᠠᠬᠤ ᠮᠢᠬᠠᠨ ᠤ ᠬᠡᠮᠵᠢᠶᠡᠨ ᠳᠦ ᠺᠤᠸᠤᠳ᠋ ᠲᠣᠭᠲᠠᠭᠠᠨ᠎ᠠ᠃
ᠮᠡᠳᠡᠭᠡᠯᠡᠯ ᠦᠨ ᠳᠠᠷᠠᠭ᠎ᠠ ᠰᠡᠳᠬᠦᠯᠴᠢᠳ ᠦᠨ ᠠᠰᠠᠭᠤᠯᠲᠠ ᠳᠤ ᠳᠠᠷᠠᠭᠠᠬᠢ ᠬᠠᠷᠢᠭᠤᠯᠲᠠ ᠶᠢ ᠦᠭᠭᠦᠯ᠎ᠡ ᠃
– ᠮᠢᠬ᠎ᠠ ᠶᠢ ᠡᠳ᠋ ᠍ ᠦᠨ ᠵᠠᠰᠠᠭ ᠤᠨ ᠡᠷᠭᠢᠯᠲᠡ ᠳᠦ ᠵᠣᠬᠢᠰᠲᠠᠢ ᠪᠠᠶᠢᠳᠠᠯ ᠢᠶᠠᠷ ᠤᠷᠤᠭᠤᠯᠬᠤ ᠲᠠᠯ᠎ᠠ ᠳᠡᠭᠡᠷ᠎ᠡ ᠰᠠᠯᠪᠤᠷᠢ ᠶᠠᠮᠤᠨ ᠬᠡᠷᠬᠢᠨ ᠠᠩᠬᠠᠷᠴᠤ ᠪᠠᠶᠢᠨ᠎ᠠ ︖
-2018 ᠣᠨ ᠳᠤ 15 ᠲᠣᠨ ᠮᠢᠬ᠎ᠠ ᠶᠢ ᠡᠳ᠋ ᠍ ᠦᠨ ᠵᠠᠰᠠᠭ ᠤᠨ ᠡᠷᠭᠢᠯᠲᠡ ᠳᠦ ᠣᠷᠣᠭᠤᠯᠤᠭᠰᠠᠨ ᠪᠠᠶᠢᠨ᠎ᠠ᠃ ᠥᠨᠥᠳᠥᠷ ᠦᠨ ᠪᠠᠶᠢᠳᠠᠯ ᠢᠶᠠᠷ 85 ᠰᠠᠶ᠋ᠢ ᠮᠠᠯ ᠮᠣᠩᠭᠣᠯ ᠤᠯᠤᠰ ᠤᠨ ᠨᠤᠲᠤᠭ ᠳᠡᠪᠢᠰᠬᠡᠷ ᠳᠡᠭᠡᠷ᠎ᠡ ᠪᠡᠯᠴᠢᠭᠡᠷᠯᠡᠵᠦ ᠪᠠᠶᠢᠨ᠎ᠠ᠃ ᠲᠡᠶᠢᠮᠦ ᠡᠴᠡ ᠪᠢᠳᠡ ᠮᠠᠯ ᠢᠶᠠᠨ ᠡᠳ᠋ ᠍ ᠦᠨ ᠵᠠᠰᠠᠭ ᠤᠨ ᠡᠷᠭᠢᠯᠲᠡ ᠳᠦ ᠤᠷᠤᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠲᠠᠢ ᠪᠠᠶᠢᠨ᠎ᠠ᠃ ᠳᠣᠲᠣᠭᠠᠳᠤ ᠶᠢᠨ ᠵᠠᠬ᠎ᠠ ᠵᠡᠭᠡᠯᠢ ᠳᠦ ᠦᠨ᠎ᠡ ᠶᠢᠨ ᠲᠦᠪᠰᠢᠨ ᠢ ᠪᠠᠭᠤᠯᠭᠠᠬᠤ ᠠᠰᠠᠭᠤᠳᠠᠯ ᠳᠡᠭᠡᠷ᠎ᠡ ᠰᠠᠯᠪᠤᠷᠢ ᠶᠢᠨ ᠶᠠᠮᠤᠨ ᠪᠣᠳᠣᠯᠭ᠎ᠠ ᠶᠢᠨ ᠲᠦᠪᠰᠢᠨ ᠳᠦ ᠠᠩᠬᠠᠷᠴᠤ ᠠᠵᠢᠯᠯᠠᠨ᠎ᠠ᠃
– ᠡᠮᠦᠨ᠎ᠡ ᠨᠢ ᠨᠥᠭᠡᠴᠡ ᠶᠢᠨ ᠮᠢᠬ᠎ᠠ ᠶᠢ ᠨᠡᠶᠢᠰᠯᠡᠯ ᠡᠴᠡ ᠪᠡᠯᠡᠳᠳᠡᠭ ᠪᠠᠶᠢᠭᠰᠠᠨ᠃  ᠶᠠᠮᠤᠨ ᠣᠷᠣᠯᠴᠠᠵᠤ ᠪᠠᠶᠢᠭ᠎ᠠ ᠨᠢ ᠵᠥᠪ ᠦᠦ︖
-ᠨᠥᠭᠡᠴᠡ ᠪᠠᠭ᠎ᠠ ᠪᠡᠯᠡᠳᠦᠭᠰᠡᠨ ᠪᠣᠯ ᠵᠠᠬ᠎ᠠ ᠵᠡᠭᠡᠯᠢ ᠳᠡᠭᠡᠷᠡᠬᠢ ᠮᠢᠬᠠᠨ ᠤ ᠦᠨ᠎ᠡ ᠶᠢᠨ ᠥᠰᠦᠯᠲᠡ ᠶᠢ ᠬᠢᠨᠠᠵᠤ ᠴᠢᠳᠠᠬᠤ ᠦᠭᠡᠢ ᠪᠠᠶᠢᠳᠠᠯ ᠳᠤ ᠬᠦᠷᠭᠡᠳᠡᠭ᠃ ᠡᠮᠦᠨ᠎ᠡ ᠨᠢ ᠨᠡᠶᠢᠰᠯᠡᠯ ᠬᠠᠷᠢᠭᠤᠴᠠᠳᠠᠭ ᠪᠠᠶᠢᠭᠰᠠᠨ᠃ ᠮᠢᠬᠠᠨ ᠤ ᠦᠨ᠎ᠡ ᠶᠢᠨ ᠥᠰᠦᠯᠲᠡ ᠶᠢ ᠰᠠᠯᠪᠤᠷᠢ ᠶᠠᠮᠤᠨ ᠨᠢ ᠪᠣᠳᠣᠯᠭ᠎ᠠ ᠪᠠᠷ ᠪᠠᠷᠢᠬᠤ ᠶᠢᠨ ᠲᠤᠯᠠᠳᠠ ᠠᠰᠠᠭᠤᠳᠠᠯ ᠢ ᠰᠢᠯᠵᠢᠭᠦᠯᠵᠦ ᠠᠪᠤᠭᠰᠠᠨ᠃
-ᠳᠤᠯᠠᠭᠠᠨ ᠤ ᠠᠷᠭ᠎ᠠ ᠪᠠᠷ ᠮᠢᠬ᠎ᠠ ᠪᠣᠯᠪᠠᠰᠤᠷᠠᠭᠤᠯᠵᠤ᠂ ᠡᠺᠰᠫᠤᠷᠲᠯᠤᠭᠴᠢᠳ ᠲᠤ ᠰᠢᠭᠤᠳ ᠪᠠᠶᠢᠳᠠᠯ ᠢᠶᠠᠷ ᠬᠢᠵᠠᠭᠠᠷ ᠲᠠᠯᠪᠢᠨ᠎ᠠ ᠭᠡᠰᠡᠨ ᠦᠭᠡ ᠦᠦ ︖
– ᠭᠣᠣᠯ ᠨᠢ ᠵᠢᠷᠤᠮ ᠳᠦᠷᠢᠮ ᠳᠦ ᠨᠢ ᠨᠡᠶᠢᠴᠡᠭᠦᠯᠦᠨ᠎ᠡ᠃ ᠬᠣᠷᠢᠵᠤ ᠴᠠᠭᠳᠠᠭᠠᠳ ᠪᠠᠶᠢᠭ᠎ᠠ ᠶᠤᠮ ᠪᠢᠰᠢ᠃ ᠳᠣᠲᠣᠭᠠᠳᠤ ᠶᠢᠨ ᠵᠠᠬ᠎ᠠ ᠵᠡᠭᠡᠯᠢ ᠳᠡᠭᠡᠷ᠎ᠡ ᠮᠢᠬᠠᠨ ᠤ ᠡᠷᠢᠯᠲᠠ ᠨᠡᠮᠡᠭᠳᠡᠭᠡᠳ ᠪᠠᠶᠢᠬᠤ ᠳᠤ ᠡᠺᠰᠫᠣᠷᠲ ᠶᠠᠪᠤᠭᠤᠯᠬᠤ ᠨᠢ ᠵᠣᠬᠢᠮᠵᠢᠲᠠᠢ ᠠᠷᠭ᠎ᠠ ᠪᠢᠰᠢ᠃ ᠤᠯᠠᠷᠢᠯ ᠤᠨ ᠪᠠᠶᠢᠳᠠᠯ ᠢᠶᠠᠷ ᠨᠢ ᠵᠣᠬᠢᠴᠠᠭᠤᠯᠤᠯᠲᠠ ᠬᠢᠨ᠎ᠡ᠃ ᠵᠢᠯ ᠦᠨ  ᠳ᠋ᠦᠩ  ᠢᠶᠡᠷ ᠢᠶᠡᠨ ᠮᠢᠬᠠᠨ ᠤ ᠡᠺᠰᠫᠣᠷᠲ ᠥᠰᠬᠦ ᠦᠭᠡᠢ᠃

ᠰᠡᠳᠬᠢᠭᠳᠡᠯ ᠦᠯᠡᠳᠡᠭᠡᠬᠦ