ᠡᠳ᠋ ᠦᠨ ᠵᠠᠰᠠᠭ ᠤᠨ ᠴᠢᠭᠤᠯᠭᠠᠨ ᠶᠢᠰᠦᠳᠦᠭᠡᠷ ᠰᠠᠷ᠎ᠠ ᠳᠤ ᠪᠣᠯᠤᠨ᠎ᠠ | News.MN

ᠡᠳ᠋ ᠦᠨ ᠵᠠᠰᠠᠭ ᠤᠨ ᠴᠢᠭᠤᠯᠭᠠᠨ ᠶᠢᠰᠦᠳᠦᠭᠡᠷ ᠰᠠᠷ᠎ᠠ ᠳᠤ ᠪᠣᠯᠤᠨ᠎ᠠ

ᠵᠢᠯ ᠪᠦᠷᠢ ᠪᠣᠯᠳᠠᠭ ︽ᠮᠣᠩᠭᠣᠯ ᠤᠨ ᠡᠳ᠋ ᠍ ᠦᠨ ᠵᠠᠰᠠᠭ ᠤᠨ ᠴᠢᠭᠤᠯᠭᠠᠨ︾ ᠍ ᠢ ᠶᠢᠰᠦᠳᠦᠭᠡᠷ ᠰᠠᠷ᠎ᠠ ᠳᠤ ᠵᠣᠬᠢᠶᠠᠨ ᠪᠠᠶᠢᠭᠤᠯᠬᠤ ᠪᠠᠷ ᠵᠣᠬᠢᠶᠠᠨ ᠪᠠᠶᠢᠭᠤᠯᠤᠭᠴᠢᠳ ᠨᠢ ᠬᠤᠷᠠᠯᠳᠤᠨ ᠰᠢᠢᠳᠪᠦᠷᠢᠯᠡᠵᠡᠢ᠃ ᠬᠤᠷᠠᠯ ᠳᠤ ︽ᠮᠣᠩᠭᠣᠯ ᠤᠨ ᠡᠳ᠋ ᠍ ᠦᠨ ᠵᠠᠰᠠᠭ ᠤᠨ ᠹᠣᠷᠣᠮ︾ ᠲᠥᠷᠥ ᠶᠢᠨ ᠪᠤᠰᠤ ᠪᠠᠶᠢᠭᠤᠯᠤᠯᠭ᠎ᠠ᠂ ᠳᠡᠯᠡᠬᠡᠢ ᠶᠢᠨ ᠪᠠᠩᠬᠢᠨ ᠤ ᠭᠷᠦ᠋ᠫ ᠦᠨ ᠣᠯᠠᠨ ᠤᠯᠤᠰ ᠤᠨ ᠰᠠᠩᠬᠦᠦ ᠶᠢᠨ ᠺᠤᠷᠫᠤᠷᠠᠼ ᠂ ᠮᠣᠩᠭᠣᠯ ᠤᠨ ᠠᠭᠤᠯᠠ ᠠᠭᠤᠷᠬᠠᠢ ᠶᠢᠨ ᠦᠨᠳᠦᠰᠦᠨ ᠦ  ᠠᠰᠰᠤᠼᠢᠶᠠᠼ᠂ ᠮᠣᠩᠭᠣᠯ ᠤᠨ ᠪᠢᠽᠢᠨᠧᠰ ᠦᠨ ᠵᠥᠪᠯᠡᠯ᠂ ᠠᠮᠧᠷᠢᠺᠠ ᠮᠣᠩᠭᠣᠯ ᠤᠨ ᠬᠤᠳᠠᠯᠳᠤᠭᠠᠨ ᠤ ᠲᠠᠩᠬᠢᠮ᠂ ᠤᠯᠠᠭᠠᠨᠪᠠᠭᠠᠲᠤᠷ ᠬᠣᠲᠠ ᠶᠢᠨ ᠬᠤᠳᠠᠯᠳᠤᠭᠠᠨ ᠤ ᠲᠠᠩᠬᠢᠮ ᠵᠡᠷᠭᠡ ᠪᠠᠶᠢᠭᠤᠯᠤᠯᠭ᠎ᠠ ᠶᠢᠨ ᠲᠥᠯᠥᠭᠡᠯᠡᠯ ᠣᠷᠣᠯᠴᠠᠯ᠎ᠠ᠃
ᠬᠤᠷᠠᠯ ᠢᠶᠠᠷ ᠥᠩᠭᠡᠷᠡᠭᠰᠡᠨ ᠣᠨ ᠨᠤᠭᠤᠳ ᠤᠨ ᠡᠳ᠋ ᠍ ᠦᠨ ᠵᠠᠰᠠᠭ ᠤᠨ ᠴᠢᠭᠤᠯᠭᠠᠨ ᠤ ᠦᠷ᠎ᠡ ᠳ᠋ᠦᠩ ᠦᠨ ᠲᠠᠯ᠎ᠠ ᠪᠠᠷ ᠬᠡᠯᠡᠯᠴᠡᠵᠦ᠂ ᠴᠢᠨᠠᠭᠰᠢᠳᠠ ᠴᠢᠭᠤᠯᠭᠠᠨ ᠤ ᠠᠵᠢᠯᠯᠠᠭ᠎ᠠ ᠶᠢ ᠰᠢᠨᠡᠴᠢᠯᠡᠨ ᠵᠣᠬᠢᠶᠠᠨ ᠪᠠᠶᠢᠭᠤᠯᠬᠤ ᠲᠠᠯ᠎ᠠ ᠪᠠᠷ ᠰᠠᠨᠠᠯ ᠪᠣᠳᠣᠯ ᠢᠶᠠᠨ ᠰᠣᠯᠢᠯᠴᠠᠯ᠎ᠠ᠃ ᠲᠣᠳᠣᠷᠠᠭᠤᠯᠪᠠᠯ᠂ ᠡᠳ᠋ ᠍ ᠦᠨ ᠵᠠᠰᠠᠭ ᠤᠨ ᠴᠢᠭᠤᠯᠭᠠᠨ ᠢᠶᠠᠷ ᠬᠡᠯᠡᠯᠴᠡᠬᠦ ᠠᠰᠠᠭᠤᠳᠠᠯ ᠢᠶᠠᠨ ᠤᠷᠢᠳᠴᠢᠯᠠᠨ ᠲᠣᠭᠲᠠᠵᠤ ᠪᠠᠶᠢᠬᠤ᠂ ᠪᠣᠳᠠᠲᠤ ᠰᠤᠳᠤᠯᠭᠠᠨ ᠤ ᠦᠷ᠎ᠡ ᠳ᠋ᠦᠩ ᠳᠦ ᠲᠤᠯᠭᠠᠭᠤᠷᠢᠯᠠᠬᠤ᠂ ᠴᠢᠭᠤᠯᠭᠠᠨ ᠠᠴᠠ ᠭᠠᠷᠤᠭᠰᠠᠨ ᠰᠠᠨᠠᠯ ᠵᠥᠪᠯᠡᠮᠵᠢ ᠶᠢ ᠬᠡᠷᠡᠭᠵᠢᠭᠦᠯᠬᠦ ᠲᠠᠯ᠎ᠠ ᠪᠠᠷ ᠠᠵᠢᠯᠯᠠᠵᠤ᠂ ᠦᠷ᠎ᠡ ᠳ᠋ᠦᠩ ᠢ ᠣᠯᠠᠨ ᠨᠡᠶᠢᠲᠡ ᠳᠦ ᠲᠠᠨᠢᠯᠴᠠᠭᠤᠯᠳᠠᠭ ᠪᠠᠶᠢᠬᠤ ᠨᠢ ᠴᠢᠬᠤᠯᠠ ᠭᠡᠳᠡᠭ ᠢ ᠣᠨᠴᠠᠯᠠᠯ᠎ᠠ ᠃ ︽ᠮᠣᠩᠭᠣᠯ ᠤᠨ ᠡᠳ᠋ ᠍ ᠦᠨ ᠵᠠᠰᠠᠭ ᠤᠨ ᠴᠢᠭᠤᠯᠭᠠᠨ︾ ᠍ ᠢ ᠵᠢᠯ ᠳᠦ ᠨᠢᠭᠡ ᠤᠳᠠᠭ᠎ᠠ ᠵᠣᠬᠢᠶᠠᠨ ᠪᠠᠶᠢᠭᠤᠯᠬᠤ ᠪᠤᠰᠤ ᠪᠠᠶᠢᠩᠭᠤ ᠶᠢᠨ ᠠᠵᠢᠯᠯᠠᠭ᠎ᠠ ᠲᠠᠢ᠂ ᠣᠯᠠᠨ ᠲᠠᠯᠠᠲᠤ ᠬᠡᠯᠡᠯᠴᠡᠭᠦᠯᠭᠡ ᠶᠢ ᠲᠠᠰᠤᠷᠠᠯᠲᠠ ᠦᠭᠡᠢ ᠶᠠᠪᠤᠭᠤᠯᠳᠠᠭ ᠪᠠᠶᠢᠬᠤ ᠨᠢ ᠵᠦᠢᠲᠡᠢ ᠭᠡᠵᠦ ᠦᠵᠡᠯ᠎ᠡ᠃

ᠰᠡᠳᠬᠢᠭᠳᠡᠯ ᠦᠯᠡᠳᠡᠭᠡᠬᠦ