ᠰᠸᠢᠰ ᠤᠨ ᠠᠭᠧᠨᠲᠯᠢᠭ ᠤᠨ ᠵᠠᠬᠢᠷᠤᠯ ᠬᠣᠪᠳᠣ ᠳᠦ ᠠᠵᠢᠯᠯᠠᠵᠤ ᠪᠠᠶᠢᠨ᠎ᠠ | News.MN

 ᠰᠸᠢᠰ ᠤᠨ ᠠᠭᠧᠨᠲᠯᠢᠭ ᠤᠨ ᠵᠠᠬᠢᠷᠤᠯ ᠬᠣᠪᠳᠣ ᠳᠦ ᠠᠵᠢᠯᠯᠠᠵᠤ ᠪᠠᠶᠢᠨ᠎ᠠ

ᠰᠸᠢᠰ ᠤᠨ ᠬᠥᠭᠵᠢᠯ ᠦᠨ ᠠᠭᠧᠨᠲᠯᠢᠭ ᠤᠨ ᠵᠠᠬᠢᠷᠤᠯ᠂ ᠶᠡᠷᠦᠩᠬᠡᠢ ᠺᠤᠨᠰᠦ᠋ᠯ ᠭᠠᠪᠷᠢᠧᠯᠯᠠ ᠰᠫᠢᠷᠯᠢ ᠲᠠᠪᠤᠳᠤᠭᠠᠷ ᠰᠠᠷ᠎ᠠ ᠶᠢᠨ 21-22 ᠍ ᠳᠦ ᠬᠣᠪᠳᠣ ᠠᠶᠢᠮᠠᠭ ᠲᠤ ᠠᠵᠢᠯᠯᠠᠵᠤ ᠪᠠᠶᠢᠨ᠎ᠠ᠃ ᠲᠡᠭᠦᠨ ᠢ ᠠᠶᠢᠮᠠᠭ ᠤᠨ ᠤᠳᠤᠷᠢᠳᠬᠤ  ᠠᠵᠢᠯᠲᠠᠳ ᠬᠦᠯᠢᠶᠡᠨ ᠠᠪᠴᠤ᠂ ᠬᠣᠪᠳᠣ ᠠᠶᠢᠮᠠᠭ ᠤᠨ ᠨᠡᠶᠢᠭᠡᠮ᠂ ᠡᠳ᠋ ᠦᠨ ᠵᠠᠰᠠᠭ ᠤᠨ ᠥᠨᠥ ᠶᠢᠨ ᠪᠠᠶᠢᠳᠠᠯ ᠤᠨ ᠲᠠᠯ᠎ᠠ ᠪᠠᠷ ᠲᠠᠨᠢᠯᠴᠠᠭᠤᠯᠵᠤ᠂ ᠮᠣᠩᠭᠣᠯ᠂ ᠰᠸᠢᠰ ᠤᠯᠤᠰ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠲᠤᠰ ᠠᠶᠢᠮᠠᠭ ᠲᠤ ᠬᠡᠷᠡᠭᠵᠢᠭᠦᠯᠵᠦ ᠪᠤᠢ ᠲᠥᠰᠥᠯ᠂ ᠠᠷᠭ᠎ᠠ ᠬᠡᠮᠵᠢᠶᠡᠨ ᠦ ᠶᠠᠪᠤᠴᠠ᠂ ᠦᠷ᠎ᠡ  ᠳ᠋ᠦᠩ ᠦᠨ ᠲᠠᠯ᠎ᠠ ᠪᠠᠷ ᠰᠠᠨᠠᠯ ᠰᠤᠯᠢᠯᠴᠠᠪᠠ᠃
ᠣᠳᠣ ᠶᠢᠨ ᠪᠠᠶᠢᠳᠠᠯ ᠢᠶᠠᠷ ᠰᠸᠢᠰ ᠦᠨ ᠬᠥᠭᠵᠢᠯ ᠦᠨ ᠠᠭᠧᠨᠲᠯᠢᠭ ᠠᠴᠠ ᠬᠣᠪᠳᠣ ᠠᠶᠢᠮᠠᠭ ᠲᠤ ᠪᠡᠯᠴᠢᠭᠡᠷ ᠦᠨ  ᠬᠠᠮᠢᠶᠠᠷᠤᠯᠲᠠ᠂ ᠮᠠᠯ ᠤᠨ ᠡᠷᠡᠭᠦᠯ ᠮᠡᠨᠳᠦ᠂  ︽ᠨᠣᠭᠣᠭᠠᠨ ᠠᠯᠲᠠ︾ ᠲᠥᠰᠥᠯ᠂ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠥᠯᠥᠭᠡᠯᠡᠭᠴᠢᠳ ᠢ ᠴᠢᠳᠠᠪᠬᠢᠵᠢᠭᠤᠯᠬᠤ ᠲᠥᠰᠥᠯ᠂ ᠮᠣᠩᠭᠣᠯ ᠤᠯᠤᠰ ᠲᠤ ᠨᠡᠶᠢᠭᠡᠮ ᠤᠨ ᠡᠭᠡᠬᠦ ᠬᠠᠷᠢᠭᠤᠴᠠᠯᠭ᠎ᠠ ᠶᠢ ᠪᠡᠬᠢᠵᠢᠭᠦᠯᠬᠦ ᠲᠥᠰᠥᠯ ᠪᠤᠶᠤ MASAM ᠲᠥᠰᠥᠯ ᠵᠡᠷᠭᠡ ᠶᠢ ᠠᠮᠵᠢᠯᠲᠠ ᠲᠠᠢ ᠬᠡᠷᠡᠭᠵᠢᠭᠦᠯᠵᠦ ᠪᠠᠶᠢᠨ᠎ᠠ᠃

ᠰᠡᠳᠬᠢᠭᠳᠡᠯ ᠦᠯᠡᠳᠡᠭᠡᠬᠦ