ᠠᠷᠠᠰᠤ ᠰᠢᠷᠢᠨ ᠦ ᠠᠷᠠᠯᠵᠢᠶ᠎ᠠ ᠵᠣᠬᠢᠶᠠᠨ ᠪᠠᠶᠢᠭᠤᠯᠤᠨ᠎ᠠ | News.MN

 ᠠᠷᠠᠰᠤ ᠰᠢᠷᠢᠨ ᠦ ᠠᠷᠠᠯᠵᠢᠶ᠎ᠠ ᠵᠣᠬᠢᠶᠠᠨ ᠪᠠᠶᠢᠭᠤᠯᠤᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ 2016-2020 ᠣᠨ ᠳᠤ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠰᠠᠯᠪᠤᠷᠢ ᠳᠤ ᠬᠡᠷᠡᠭᠵᠢᠭᠦᠯᠬᠦ ᠠᠷᠭ᠎ᠠ ᠬᠡᠮᠵᠢᠶᠡᠨ ᠳᠦ ᠲᠤᠰᠬᠠᠭᠳᠠᠭᠰᠠᠨ ᠬᠥᠳᠡᠭᠡ ᠠᠵᠤ ᠠᠬᠤᠢ ᠶᠢᠨ ᠪᠢᠷᠵᠢ ᠪᠡᠷ ᠠᠷᠠᠯᠵᠢᠶᠠᠯᠠᠬᠤ ᠪᠠᠷᠠᠭ᠎ᠠ ᠂ ᠲᠦᠭᠦᠬᠡᠢ ᠡᠳ᠋ ᠍ ᠦᠨ ᠨᠡᠷ᠎ᠡ ᠲᠥᠷᠥᠯ᠂ ᠲᠣᠭ᠎ᠠ ᠬᠡᠮᠵᠢᠶ᠎ᠡ ᠶᠢ ᠨᠡᠮᠡᠭᠳᠡᠭᠦᠯᠬᠦ᠂ ᠦᠨᠳᠦᠰᠦᠨ ᠦ ᠦᠢᠯᠡᠳᠪᠦᠷᠢᠯᠡᠯ ᠢ ᠳᠡᠮᠵᠢᠬᠦ ᠠᠵᠢᠯ ᠤᠨ ᠬᠦᠷᠢᠶᠡᠨ ᠳᠦ  ︽ᠡᠮᠡᠭᠡᠯᠲᠦ︾ ᠵᠠᠬ᠎ᠠ ᠳᠤ ᠬᠤᠷᠠᠮᠲᠤᠯᠠᠭᠳᠠᠭᠠᠳ ᠪᠠᠶᠢᠭ᠎ᠠ ᠪᠣᠯᠪᠠᠰᠤᠷᠠᠭᠤᠯᠤᠭ᠎ᠠ ᠦᠭᠡᠢ ᠠᠳᠤᠭᠤᠨ ᠤ ᠰᠢᠷᠢᠨ ᠦ ᠰᠲ᠋ᠠᠨᠳᠠᠷᠲ ᠲᠤ ᠨᠡᠶᠢᠴᠡᠭᠰᠡᠨ ᠬᠡᠰᠡᠭ᠂ ᠳᠡᠯ᠂ ᠰᠡᠭᠦᠯ ᠢ ᠳᠣᠲᠣᠭᠠᠳᠤ ᠶᠢᠨ ᠪᠣᠯᠪᠠᠰᠤᠷᠠᠭᠤᠯᠬᠤ ᠦᠢᠯᠡᠳᠪᠦᠷᠢ ᠨᠦᠭᠦᠳ ᠦᠨ ᠬᠡᠷᠡᠭᠴᠡᠭᠡ ᠶᠢ ᠬᠠᠩᠭᠠᠬᠤ ᠬᠡᠮᠵᠢᠶᠡᠨ ᠳᠦ ᠬᠤᠳᠠᠯᠳᠤᠨ ᠪᠣᠷᠣᠯᠠᠭᠤᠯᠬᠤ ᠪᠣᠯᠤᠮᠵᠢ ᠶᠢ ᠪᠦᠷᠢᠳᠦᠭᠦᠯᠵᠦ᠂ ᠰᠲ᠋ᠠᠨᠳᠠᠷᠲ ᠬᠠᠩᠭᠠᠭ᠎ᠠ ᠦᠭᠡᠢ ᠰᠢᠷᠢ ᠶᠢ ᠬᠥᠳᠡᠭᠡ ᠠᠵᠤ ᠠᠬᠤᠢ ᠶᠢᠨ ᠪᠢᠷᠵᠢ ᠪᠡᠷ ᠪᠦᠷᠢᠳᠬᠡᠯᠵᠢᠭᠦᠯᠦᠨ ᠳᠡᠯ ᠰᠡᠭᠦᠯ ᠦᠭᠡᠢ ᠪᠡᠷ ᠠᠷᠠᠯᠵᠢᠶᠠᠯᠠᠬᠤ ᠪᠠᠷ ᠪᠣᠯᠤᠭᠰᠠᠨ᠃
ᠤᠭ ᠠᠵᠢᠯ ᠤᠨ ᠬᠦᠷᠢᠶᠡᠨ ᠳᠦ ᠬᠥᠳᠡᠭᠡ ᠠᠵᠤ ᠠᠬᠤᠢ ᠶᠢᠨ ᠪᠢᠷᠵᠢ ᠺᠤᠮᠫᠠᠨᠢ ᠨᠢ ᠪᠣᠯᠪᠠᠰᠤᠷᠠᠭᠤᠯᠤᠭ᠎ᠠ ᠦᠭᠡᠢ ᠠᠳᠤᠭᠤᠨ ᠤ ᠰᠢᠷᠢ ᠶᠢ ᠪᠦᠷᠢᠳᠬᠡᠯᠵᠢᠭᠦᠯᠦᠨ᠂ ︽ᠶᠡᠬᠡ ᠵᠠᠮ ᠲᠷᠠᠨᠰ︾ ᠺᠣᠮᠫᠠᠨᠢ ᠶᠢᠨ ᠠᠭᠤᠯᠠᠬᠤ ᠳᠤ ᠢᠲᠡᠭᠡᠮᠵᠢᠯᠡᠯ ᠣᠯᠭᠤᠵᠤ᠂ ᠬᠥᠳᠡᠭᠡ ᠠᠵᠤ ᠠᠬᠤᠢ ᠶᠢᠨ ᠪᠷᠣᠺᠧᠷ ᠤᠨ ᠺᠣᠮᠫᠠᠨᠢ ᠨᠤᠭᠤᠳ ᠢᠶᠠᠷ ᠵᠠᠭᠤᠴᠢᠯᠠᠭᠤᠯᠤᠨ ᠪᠢᠷᠵᠢ ᠶᠢᠨ ᠠᠷᠠᠯᠵᠢᠶ᠎ᠠ ᠶᠢ ᠵᠣᠬᠢᠶᠠᠨ ᠪᠠᠶᠢᠭᠤᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ