ᠬᠡᠤᠬᠡᠳ ᠤᠨ ᠪᠠᠶᠠᠷ ᠤᠨ ᠲᠤᠭᠯᠠᠯᠲᠠ ᠪᠤᠯᠤᠨ᠎ᠠ | News.MN

 ᠬᠡᠤᠬᠡᠳ ᠤᠨ ᠪᠠᠶᠠᠷ ᠤᠨ ᠲᠤᠭᠯᠠᠯᠲᠠ ᠪᠤᠯᠤᠨ᠎ᠠ

︽ᠣᠯᠠᠨ ᠤᠯᠤᠰ ᠤᠨ ᠬᠡᠦᠬᠡᠳ ᠦᠨ ᠡᠷᠬᠡ ᠶᠢ ᠬᠠᠮᠠᠭᠠᠯᠠᠬᠤ ᠡᠳᠦᠷ ᠢ ᠲᠡᠮᠳᠡᠭᠯᠡᠨ ᠥᠩᠭᠡᠷᠡᠭᠦᠯᠬᠦ ᠲᠤᠬᠠᠢ︾ ᠨᠡᠶᠢᠰᠯᠡᠯ ᠦᠨ ᠵᠠᠰᠠᠭ ᠳᠠᠷᠤᠭ᠎ᠠ ᠶᠢᠨ 2019 ᠣᠨ ᠤ ᠲᠠᠪᠤᠳᠤᠭᠠᠷ ᠰᠠᠷ᠎ᠠ ᠶᠢᠨ 3 ᠤ ᠡᠳᠦᠷ ᠦᠨ ᠵᠠᠬᠢᠷᠤᠮᠵᠢ ᠶᠢᠨ ᠳᠠᠭᠠᠤ ᠠᠵᠢᠯ ᠤᠨ ᠬᠡᠰᠡᠭ ᠦᠨ ᠬᠤᠶᠠᠳᠠᠬᠢ ᠤᠳᠠᠭ᠎ᠠ ᠶᠢᠨ ᠬᠤᠷᠠᠯ ᠢ ᠲᠠᠪᠤᠳᠤᠭᠠᠷ ᠰᠠᠷ᠎ᠠ ᠶᠢᠨ 22 ᠍ ᠦ ᠡᠳᠦᠷ ᠬᠠᠨ ᠭᠠᠷᠤᠳᠢ ᠣᠷᠳᠣᠨ ᠳᠤ ᠵᠣᠬᠢᠶᠠᠨ ᠪᠠᠶᠢᠭᠤᠯᠤᠯ᠎ᠠ᠃
ᠬᠤᠷᠠᠯ ᠢ ᠠᠵᠢᠯ ᠤᠨ ᠬᠡᠰᠡᠭ ᠦᠨ ᠠᠬᠠᠯᠠᠭᠴᠢ ᠨᠡᠶᠢᠰᠯᠡᠯ ᠦᠨ ᠵᠠᠰᠠᠭ ᠳᠠᠷᠤᠭ᠎ᠠ ᠶᠢᠨ ᠬᠦᠮᠦᠨ ᠦ ᠬᠥᠭᠵᠢᠯ᠂ ᠨᠡᠶᠢᠭᠡᠮ ᠤᠨ ᠪᠣᠳᠣᠯᠭ᠎ᠠ ᠶᠢᠨ ᠠᠰᠠᠭᠤᠳᠠᠯ ᠬᠠᠷᠢᠭᠤᠴᠠᠭᠰᠠᠨ ᠣᠷᠣᠯᠠᠭᠴᠢ ᠱ∙ᠠᠩᠬᠠᠮ᠎ᠠ ᠤᠳᠤᠷᠢᠳᠤᠨ ᠶᠠᠪᠤᠭᠤᠯᠵᠤ᠂ ᠨᠡᠶᠢᠰᠯᠡᠯ ᠦᠨ ᠰᠤᠶᠤᠯ ᠤᠷᠠᠯᠢᠭ ᠤᠨ ᠭᠠᠵᠠᠷ ᠤᠨ ᠳᠠᠷᠤᠭ᠎ᠠ ᠵ∙ᠳᠠᠮᠳᠢᠨᠴᠡᠷᠡᠩ ᠪᠣᠯᠤᠨ ᠬᠣᠯᠪᠣᠭᠳᠠᠬᠤ ᠭᠡᠰᠢᠭᠦᠳ ᠪᠡᠯᠡᠳᠬᠡᠯ ᠠᠵᠢᠯ ᠤᠨ ᠲᠠᠯ᠎ᠠ ᠪᠠᠷ ᠮᠡᠳᠡᠭᠡᠯᠡᠯ ᠬᠢᠵᠦ ᠰᠠᠨᠠᠯ ᠢᠶᠠᠨ ᠨᠢᠭᠡᠳᠬᠡᠯ᠎ᠡ᠃ ᠡᠨᠡ ᠵᠢᠯ ᠦᠨ ᠲᠥᠪ ᠲᠠᠯᠠᠪᠠᠢ ᠶᠢᠨ ᠪᠠᠶᠠᠷ ᠤᠨ ᠲᠣᠭᠯᠠᠯᠲᠠ ᠶᠢ ᠮᠣᠩᠭᠣᠯ ᠤᠯᠤᠰ ᠤᠨ ᠬᠡᠦᠬᠡᠯᠳᠡᠢ ᠶᠢᠨ ᠲᠢᠶᠠᠲ᠋ᠷ ᠤᠨ ᠬᠠᠮᠲᠤ ᠣᠯᠠᠨ  ᠬᠠᠷᠢᠭᠤᠴᠠᠬᠤ ᠪᠥᠭᠡᠳ ᠶᠡᠷᠦᠩᠬᠡᠢ ᠨᠠᠶᠢᠷᠠᠭᠤᠯᠤᠭᠴᠢ ᠪᠠᠷ ᠲᠤᠰ ᠲᠢᠶᠠᠲ᠋ᠷ ᠤᠨ ᠶᠡᠷᠦᠩᠬᠡᠢ ᠨᠠᠶᠢᠷᠠᠭᠤᠯᠤᠭᠴᠢ ᠮ∙ᠠᠷᠢᠭᠤᠨᠲᠤᠶᠠᠭ᠎ᠠ ᠠᠵᠢᠯᠯᠠᠵᠤ ᠪᠠᠶᠢᠨ᠎ᠠ᠃ ᠣᠯᠠᠨ ᠤᠯᠤᠰ ᠤᠨ ᠬᠡᠦᠬᠡᠳ ᠦᠨ ᠡᠷᠬᠡ ᠶᠢ ᠬᠠᠮᠠᠭᠠᠯᠠᠬᠤ ᠡᠳᠦᠷ ᠢ ᠨᠡᠶᠢᠰᠯᠡᠯ ᠦᠨ ᠬᠡᠮᠵᠢᠶᠡᠨ ᠳᠦ ᠲᠡᠮᠳᠡᠭᠯᠡᠨ ᠥᠩᠭᠡᠷᠡᠭᠦᠯᠬᠦ ᠨᠢᠭᠡᠳᠦᠭᠰᠡᠨ ᠬᠥᠲᠥᠯᠪᠦᠷᠢ ᠶᠢ ᠡᠨᠡ ᠰᠠᠷ᠎ᠠ ᠶᠢᠨ 24 ᠍ ᠦ ᠡᠳᠦᠷ ᠨᠡᠶᠢᠲᠡ ᠳᠦ ᠮᠡᠳᠡᠭᠡᠯᠡᠨ᠎ᠡ ᠭᠡᠵᠤ ᠨᠡᠶᠢᠰᠯᠡᠯ ᠦᠨ ᠰᠤᠶᠤᠯ ᠤᠷᠠᠯᠢᠭ ᠤᠨ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ