ᠬᠥᠪᠰᠥᠭᠥᠯ ᠤᠨ ᠤᠷᠠᠨ ᠪᠦᠲᠦᠭᠡᠯᠴᠢᠳ ᠣᠯᠠᠨ ᠤᠯᠤᠰ ᠤᠨ ᠨᠠᠭᠠᠳᠤᠮ ᠳᠤ ᠣᠷᠣᠯᠴᠠᠨ᠎ᠠ | News.MN

ᠬᠥᠪᠰᠥᠭᠥᠯ ᠤᠨ ᠤᠷᠠᠨ ᠪᠦᠲᠦᠭᠡᠯᠴᠢᠳ ᠣᠯᠠᠨ ᠤᠯᠤᠰ ᠤᠨ ᠨᠠᠭᠠᠳᠤᠮ ᠳᠤ ᠣᠷᠣᠯᠴᠠᠨ᠎ᠠ

ᠬᠥᠪᠰᠥᠭᠥᠯ ᠠᠶᠢᠮᠠᠭ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠍ ᠤᠨ ᠲᠸᠵᠤᠨ ᠬᠣᠲᠠ ᠶᠢᠨ ᠰᠤᠭᠤ᠋ ᠳᠡᠭᠦᠷᠭᠡ ᠲᠡᠢ 2010 ᠣᠨ  ᠠᠴᠠ ᠡᠬᠢᠯᠡᠨ ᠪᠣᠯᠪᠠᠰᠤᠷᠠᠯ᠂ ᠡᠷᠡᠭᠦᠯ ᠮᠡᠨᠳᠦ᠂ ᠰᠤᠶᠤᠯ ᠤᠷᠠᠯᠢᠭ᠂ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠬᠠᠮᠲᠤᠷᠠᠨ ᠠᠵᠢᠯᠯᠠᠵᠤ ᠪᠠᠶᠢᠨ᠎ᠠ᠃ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ᠣᠯᠠᠨ ᠤᠯᠤᠰ ᠤᠨ Healing Art Festival ᠤᠷᠠᠯᠢᠭ ᠤᠨ ᠨᠠᠭᠠᠳᠤᠮ ᠳᠤ ᠬᠥᠪᠰᠥᠭᠥᠯ ᠠᠶᠢᠮᠠᠭ ᠤᠨ ᠲᠥᠷᠥ ᠶᠢᠨ ᠪᠠᠶᠢᠭᠤᠯᠤᠯᠭ᠎ᠠ ᠪᠣᠯᠤᠨ ᠤᠷᠠᠨ ᠪᠦᠲᠦᠭᠡᠯᠴᠢᠳ ᠦᠨ ᠲᠥᠯᠥᠭᠡᠯᠡᠯ ᠪᠦᠬᠦᠢ 20 ᠬᠦᠮᠦᠨ ᠦ ᠪᠦᠷᠢᠯᠳᠦᠬᠦᠨ ᠲᠡᠢ ᠪᠠᠭ ᠭᠤᠷᠪᠠᠳᠠᠬᠢ ᠵᠢᠯ ᠳᠦ ᠪᠡᠨ ᠣᠷᠣᠯᠴᠠᠵᠤ ᠠᠶᠢᠮᠠᠭ ᠣᠷᠣᠨ ᠨᠤᠲᠤᠭ ᠢᠶᠠᠨ ᠰᠤᠷᠲᠠᠯᠴᠢᠯᠠᠬᠤ ᠪᠠᠷ ᠰᠣᠯᠣᠩᠭᠣᠰ ᠤᠯᠤᠰ ᠢ ᠵᠣᠷᠢᠪᠠ᠃
ᠰᠤᠭᠤ᠋ ᠳᠡᠭᠦᠷᠭᠡ ᠶᠢᠨ ᠤᠷᠠᠨ ᠰᠠᠶᠢᠬᠠᠨᠴᠢᠳ ᠢᠷᠡᠬᠦ 7 ᠳ᠋ᠤᠭᠠᠷ ᠰᠠᠷ᠎ᠠ ᠳᠤ ᠬᠥᠪᠰᠥᠭᠥᠯ ᠠᠶᠢᠮᠠᠭ ᠲᠤ ᠬᠦᠷᠦᠯᠴᠡᠨ ᠢᠷᠡᠵᠦ ᠤᠷᠠᠨ ᠪᠦᠲᠦᠭᠡᠯ ᠢᠶᠡᠨ ᠲᠣᠯᠢᠯᠠᠭᠤᠯᠬᠤ ᠭᠡᠨ᠎ᠡ᠃ 2016 ᠣᠨ ᠳᠤ ᠬᠥᠪᠰᠥᠭᠥᠯ ᠠᠶᠢᠮᠠᠭ ᠤᠨ 14 ᠡᠮᠴᠢ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠍ ᠤᠨ ᠲᠸᠵᠤᠨ ᠬᠣᠲᠠ ᠶᠢᠨ ᠺᠤᠨᠶᠠᠨ ᠶᠡᠬᠡ ᠰᠤᠷᠭᠠᠭᠤᠯᠢ ᠶᠢᠨ ᠡᠮᠨᠡᠯᠭᠡ ᠳᠦ ᠳᠠᠳᠤᠯᠭ᠎ᠠ ᠬᠢᠵᠦ ᠮᠡᠷᠭᠡᠵᠢᠯ ᠢᠶᠡᠨ ᠳᠡᠭᠡᠭᠰᠢᠯᠡᠭᠦᠯᠵᠦ᠂ 2017 ᠣᠨ ᠳᠤ ᠰᠤᠭᠤ᠋ ᠳᠡᠭᠦᠷᠭᠡ ᠶᠢᠨ ᠡᠮᠴᠢ ᠨᠠᠷ ᠲᠤᠰ ᠠᠶᠢᠮᠠᠭ ᠲᠤ ᠠᠵᠢᠯᠯᠠᠵᠤ᠂ ᠢᠷᠭᠡᠳ ᠲᠦ ᠦᠨ᠎ᠡ ᠲᠥᠯᠦᠪᠦᠷᠢ ᠦᠭᠡᠢ ᠦᠵᠡᠯᠭᠡ ᠣᠨᠣᠰᠢᠯᠠᠭ᠎ᠠ ᠬᠢᠵᠦ᠂ 80 ᠭᠠᠷᠤᠢ ᠰᠠᠶ᠎ᠠ ᠲᠥᠭᠥᠷᠢᠭ ᠦᠨ ᠡᠮ᠂ ᠡᠮᠨᠡᠯᠭᠡ ᠶᠢᠨ ᠬᠡᠷᠡᠭᠰᠡᠯ᠂ ᠠᠷᠢᠭᠤᠳᠬᠠᠯ ᠤᠨ ᠪᠣᠳᠠᠰ ᠵᠡᠷᠭᠡ ᠶᠢ ᠣᠯᠭᠤᠭᠰᠠᠨ ᠪᠠᠶᠢᠨ᠎ᠠ᠃  ᠮᠥᠨ ᠲᠤᠰ ᠳᠡᠭᠦᠷᠭᠡ ᠶᠢᠨ ᠵᠠᠰᠠᠭ ᠳᠠᠷᠤᠭ᠎ᠠ ᠵᠠᠩ ᠵᠤᠩ  ᠲᠸ ᠦᠨ ᠤᠷᠢᠯᠭ᠎ᠠ ᠪᠠᠷ ᠬᠥᠪᠰᠥᠭᠥᠯ ᠠᠶᠢᠮᠠᠭ ᠤᠨ ᠵᠠᠰᠠᠭ ᠳᠠᠷᠤᠭ᠎ᠠ ᠯ∙ᠭᠠᠩᠪᠣᠯᠣᠳ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠥᠩᠭᠡᠷᠡᠭᠰᠡᠨ ᠣᠨ ᠤ 10 ᠳ᠋ᠤᠭᠠᠷ ᠰᠠᠷ᠎ᠠ ᠳᠤ ᠠᠯᠪᠠᠨ ᠶᠣᠰᠣᠨ ᠤ ᠠᠶᠢᠯᠴᠢᠯᠠᠯ ᠬᠢᠭᠰᠡᠨ ᠪᠥᠭᠡᠳ ᠡᠨᠡ ᠣᠨ ᠳᠤ ᠬᠤᠶᠠᠷ ᠲᠠᠯ᠎ᠠ ᠶᠢᠨ ᠬᠠᠮᠲᠤᠷᠠᠭᠰᠠᠨ ᠭᠤᠷᠪᠠᠨ ᠲᠣᠮᠣᠬᠠᠨ ᠠᠵᠢᠯ ᠢ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠭᠰᠡᠨ ᠠᠵᠠᠢ ᠃

ᠰᠡᠳᠬᠢᠭᠳᠡᠯ ᠦᠯᠡᠳᠡᠭᠡᠬᠦ