ᠠᠷᠠᠳᠴᠢᠯᠠᠭᠰᠠᠨ ᠨᠠᠮ ᠍ ᠤᠨ ᠬᠢᠨ ᠵ∙ᠣᠶᠤᠨᠪᠠᠭᠠᠲᠤᠷ ᠢ ᠨᠡᠷ᠎ᠡ ᠳᠡᠪᠰᠢᠭᠦᠯᠦᠯ᠎ᠡ | News.MN

ᠠᠷᠠᠳᠴᠢᠯᠠᠭᠰᠠᠨ ᠨᠠᠮ ᠍ ᠤᠨ ᠬᠢᠨ ᠵ∙ᠣᠶᠤᠨᠪᠠᠭᠠᠲᠤᠷ ᠢ ᠨᠡᠷ᠎ᠡ ᠳᠡᠪᠰᠢᠭᠦᠯᠦᠯ᠎ᠡ

ᠬᠡᠨᠲᠡᠢ ᠠᠶᠢᠮᠠᠭ ᠤᠨ ᠠᠷᠠᠳᠴᠢᠯᠠᠭᠰᠠᠨ ᠨᠠᠮ ᠤᠨ ᠬᠣᠷᠢᠶ᠎ᠠ ᠥᠨᠥᠳᠥᠷ ︵2019.05.24︶ ᠬᠤᠷᠠᠯᠳᠤᠵᠤ᠂ ᠤᠯᠤᠰ ᠤᠨ ᠶᠡᠬᠡ ᠬᠤᠷᠠᠯ ᠤᠨ 42 ᠳ᠋ᠤᠭᠠᠷ ᠲᠣᠭᠣᠷᠢᠭ ᠤᠨ ᠨᠥᠬᠥᠨ ᠰᠣᠩᠭᠣᠭᠤᠯᠢ ᠳᠤ ᠵ∙ᠣᠶᠤᠨᠪᠠᠭᠠᠲᠤᠷ ᠢ ᠳᠡᠪᠰᠢᠭᠦᠯᠬᠦ ᠪᠡᠷ ᠪᠣᠯᠵᠠᠢ᠃ ᠨᠠᠮ ᠤᠨ ᠬᠣᠷᠢᠶᠠᠨ ᠠᠴᠠ ᠭᠠᠷᠤᠭᠰᠠᠨ ᠡᠯ᠎ᠡ ᠰᠢᠢᠳᠪᠦᠷᠢ ᠶᠢ ᠠᠷᠠᠳᠴᠢᠯᠠᠭᠰᠠᠨ ᠨᠠᠮ ᠳᠤ ᠬᠦᠷᠭᠡᠭᠦᠯᠵᠦ᠂ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ ᠬᠤᠷᠠᠯᠳᠤᠭᠠᠨ ᠢᠶᠠᠷ ᠬᠡᠯᠡᠯᠴᠡᠵᠦ ᠪᠠᠲᠤᠯᠠᠵᠤ ᠥᠭᠬᠦ ᠶᠢ ᠬᠦᠰᠡᠵᠡᠢ᠃ ᠠᠷᠠᠳᠴᠢᠯᠠᠭᠰᠠᠨ ᠨᠠᠮ ᠤᠨ ᠰᠢᠨᠡᠴᠢᠯᠡᠭᠰᠡᠨ ᠳᠦᠷᠢᠮ ᠦᠨ ᠬᠦᠷᠢᠶᠡᠨ ᠳᠦ ᠨᠠᠮ ᠤᠨ ᠠᠩᠬᠠᠨ᠂ ᠳᠤᠮᠳᠠ ᠱᠠᠲᠤᠨ ᠤ ᠭᠡᠰᠢᠭᠦᠳ ᠦᠨ ᠰᠠᠨᠠᠯ ᠢᠶᠠᠷ ᠲᠣᠳᠣᠷᠠᠭᠰᠠᠨ ᠨᠡᠷ᠎ᠡ ᠳᠡᠪᠰᠢᠭᠴᠢ ᠶᠢ ᠬᠡᠯᠡᠯᠴᠡᠨ ᠪᠠᠲᠤᠯᠠᠬᠤ ᠳᠦᠷᠢᠮ ᠲᠡᠢ᠃ ᠥᠭᠡᠷ᠎ᠡ ᠪᠡᠷ ᠬᠡᠯᠡᠪᠡᠯ᠂ ᠠᠷᠠᠳᠴᠢᠯᠠᠭᠰᠠᠨ ᠨᠠᠮ ᠤᠨ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ ᠬᠤᠷᠠᠯᠳᠤᠭᠠᠨ ᠢᠶᠠᠷ ᠵ∙ᠣᠶᠤᠨᠪᠠᠭᠠᠲᠤᠷ ᠢ ᠪᠠᠲᠤᠯᠠᠮᠵᠢᠯᠠᠨ᠎ᠠ ᠭᠡᠰᠡᠨ ᠦᠭᠡ᠃ ᠡᠶᠢᠨ ᠬᠦ ᠬᠡᠨᠲᠡᠢ ᠶᠢᠨ 42 ᠳ᠋ᠤᠭᠠᠷ ᠲᠣᠭᠣᠷᠢᠭ ᠲᠤ ᠨᠡᠷ᠎ᠡ ᠳᠡᠪᠰᠢᠬᠦ ᠠᠩᠬᠠᠨ ᠤ ᠬᠦᠮᠦᠨ ᠠᠯᠪᠠᠨ ᠶᠣᠰᠣᠭᠠᠷ ᠲᠣᠳᠣᠷᠠᠯ᠎ᠠ ᠃ ᠵ∙ᠣᠶᠤᠨᠪᠠᠭᠠᠲᠤᠷ ᠨᠢ 2012 ᠣᠨ ᠳᠤ ᠬᠡᠨᠲᠡᠢ ᠠᠶᠢᠮᠠᠭ ᠤᠨ ᠵᠠᠰᠠᠭ ᠳᠠᠷᠤᠭ᠎ᠠ ᠪᠠᠷ ᠠᠵᠢᠯᠯᠠᠵᠤ ᠪᠠᠶᠢᠪᠠ᠃

ᠰᠡᠳᠬᠢᠭᠳᠡᠯ ᠦᠯᠡᠳᠡᠭᠡᠬᠦ