ᠨᠠᠯᠠᠶᠢᠬᠤ ᠶᠢᠨ ᠵᠠᠮ ᠤᠨ ᠠᠵᠢᠯ ᠲᠥᠯᠥᠪᠯᠡᠭᠰᠡᠨ ‍ᠣ ᠳᠠᠭᠠᠤ ᠶᠠᠪᠤᠵᠤ ᠪᠠᠶᠢᠨ᠎ᠠ | News.MN

ᠨᠠᠯᠠᠶᠢᠬᠤ ᠶᠢᠨ ᠵᠠᠮ ᠤᠨ ᠠᠵᠢᠯ ᠲᠥᠯᠥᠪᠯᠡᠭᠰᠡᠨ ‍ᠣ ᠳᠠᠭᠠᠤ ᠶᠠᠪᠤᠵᠤ ᠪᠠᠶᠢᠨ᠎ᠠ

ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠰ∙ᠠᠮᠤᠷᠰᠠᠶᠢᠬᠠᠨ ᠤᠷᠵᠢᠳᠤᠷ ︵2019.05.24︶ ᠨᠡᠶᠢᠰᠯᠡᠯ ᠦᠨ ᠵᠠᠮ ᠲᠡᠭᠡᠭᠡᠪᠦᠷᠢ ᠶᠢᠨ ᠠᠰᠠᠭᠤᠳᠠᠯ ᠬᠠᠷᠢᠭᠤᠴᠠᠭᠰᠠᠨ ᠲᠥᠰᠥᠯ ᠦᠨ ᠤᠳᠤᠷᠢᠳᠤᠭᠴᠢ ᠪ∙ᠣᠳᠬᠣᠨᠰᠦ᠋ᠬᠡ ᠨᠠᠷ ᠲᠠᠢ ᠬᠠᠮᠲᠤ ᠭᠠᠴᠤᠷᠠᠲᠤ ᠶᠢᠨ ᠠᠭᠤᠯᠵᠠᠪᠤᠷᠢ ᠠᠴᠠ ᠨᠠᠯᠠᠶᠢᠬᠤ ᠴᠤᠶᠢᠷ ᠤᠨ ᠠᠭᠤᠯᠵᠠᠪᠤᠷᠢ ᠬᠦᠷᠲᠡᠯᠡᠬᠢ 20.9 ᠺᠢᠯᠣᠮᠧᠲ᠋ᠷ ᠠᠦ᠋ᠲ᠋ᠣ᠋ ᠵᠠᠮ ᠢ ᠰᠢᠨᠡᠴᠢᠯᠡᠨ ᠵᠠᠰᠠᠬᠤ ᠠᠵᠢᠯ ᠤᠨ ᠶᠠᠪᠤᠴᠠ ᠲᠠᠢ ᠲᠠᠨᠢᠯᠴᠠᠵᠤ᠂ ᠵᠠᠮ ᠤᠨ ᠠᠵᠢᠯ ᠢ ᠲᠥᠯᠥᠪᠯᠡᠭᠰᠡᠨ ᠬᠤᠭᠤᠴᠠᠭᠠᠨ ᠳᠤ ᠬᠤᠷᠳᠤᠨ ᠰᠢᠭᠤᠷᠬᠠᠢ᠂ ᠴᠢᠨᠠᠷᠲᠠᠢ ᠬᠢᠵᠦ ᠭᠦᠢᠴᠡᠳᠭᠡᠬᠦ ᠡᠭᠦᠷᠭᠡ ᠴᠢᠭᠯᠡᠯ ᠥᠭᠴᠦ ᠠᠵᠢᠯᠯᠠᠯ᠎ᠠ᠃

ᠺᠣᠮᠫᠠᠨᠢ ᠨᠤᠭᠤᠳ ᠤᠨ ᠤᠳᠤᠷᠢᠳᠤᠯᠭ᠎ᠠ ᠨᠠᠷ ᠲᠠᠢ ᠬᠣᠲᠠ ᠶᠢᠨ ᠵᠠᠬᠢᠷᠤᠭᠴᠢ ᠠᠭᠤᠯᠵᠠᠨ᠂ ᠠᠵᠢᠯ ᠶᠠᠪᠤᠭᠤᠯᠬᠤ ᠳᠤ ᠲᠤᠯᠭᠠᠮᠳᠠᠵᠤ ᠪᠤᠢ ᠶᠠᠮᠠᠷ ᠠᠰᠠᠭᠤᠳᠠᠯ ᠪᠠᠶᠢᠭ᠎ᠠ ᠶᠢ ᠲᠣᠳᠣᠷᠠᠭᠤᠯᠵᠤ᠂ ᠶᠠᠭᠠᠷᠠᠯᠲᠠᠢ ᠰᠢᠢᠳᠬᠦ ᠶᠢ ᠬᠣᠯᠪᠣᠭᠳᠠᠬᠤ ᠠᠯᠪᠠᠨ ᠤ ᠬᠦᠮᠦᠰ ᠲᠦ ᠳᠠᠭᠠᠭᠠᠯᠭᠠᠭᠰᠠᠨ ᠶᠤᠮ᠃ ᠲᠡᠭᠦᠨᠴᠢᠯᠡᠨ ᠠᠦ᠋ᠲ᠋ᠣ᠋ ᠵᠠᠮ ᠤᠨ ᠠᠵᠢᠯ ᠢ ᠴᠢᠨᠠᠷ ᠲᠠᠢ᠂ ᠣᠯᠠᠨ ᠤᠯᠤᠰ ᠤᠨ ᠰᠲ᠋ᠠᠨᠳᠠᠷᠲ ᠲᠤ ᠨᠡᠶᠢᠴᠡᠭᠦᠯᠦᠨ ᠲᠥᠯᠥᠪᠯᠡᠭᠰᠡᠨ ᠬᠤᠭᠤᠴᠠᠭᠠᠨ ᠤ ᠳᠠᠭᠠᠤ ᠬᠢᠵᠦ ᠭᠦᠢᠴᠡᠳᠭᠡᠬᠦ᠂ ᠳᠤᠯᠠᠭᠠᠨ ᠤ ᠤᠯᠠᠷᠢᠯ ᠡᠬᠢᠯᠡᠵᠦ ᠪᠠᠶᠢᠭ᠎ᠠ ᠲᠠᠢ ᠬᠣᠯᠪᠣᠭᠳᠠᠭᠤᠯᠤᠨ ᠴᠢᠨᠠᠭᠰᠢᠳᠠ ᠬᠣᠶᠠᠷ ᠡᠭᠡᠯᠵᠢ ᠪᠡᠷ ᠠᠵᠢᠯᠯᠠᠬᠤ᠂ ᠣᠷᠣᠨ ᠨᠤᠲᠤᠭ ᠤᠨ ᠡᠷᠬᠢᠯᠡᠭᠰᠡᠨ ᠠᠵᠢᠯ ᠦᠭᠡᠢ ᠢᠷᠭᠡᠳ ᠢ ᠵᠠᠮ ᠤᠨ ᠠᠵᠢᠯ ᠳᠤ ᠣᠷᠤᠯᠴᠠᠭᠤᠯᠬᠤ ᠱᠠᠭᠠᠷᠳᠠᠯᠭ᠎ᠠ ᠲᠠᠢ ᠭᠡᠳᠡᠭ ᠢ ᠬᠡᠯᠡᠭᠰᠡᠨ ᠶᠤᠮ᠃

ᠰᠡᠳᠬᠢᠭᠳᠡᠯ ᠦᠯᠡᠳᠡᠭᠡᠬᠦ