ᠭᠠᠵᠠᠷ ᠤᠨ ᠲᠣᠰᠤᠨ ᠤ ᠠᠦ᠋ᠲ᠋ᠣ᠋ ᠵᠠᠮ ᠤᠨ ᠠᠵᠢᠯ ᠡᠬᠢᠯᠡᠵᠡᠢ | News.MN

ᠭᠠᠵᠠᠷ ᠤᠨ ᠲᠣᠰᠤᠨ ᠤ ᠠᠦ᠋ᠲ᠋ᠣ᠋ ᠵᠠᠮ ᠤᠨ ᠠᠵᠢᠯ ᠡᠬᠢᠯᠡᠵᠡᠢ

ᠳᠣᠷᠣᠨᠠᠭᠣᠪᠢ ᠠᠶᠢᠮᠠᠭ ᠲᠤ ᠠᠵᠢᠯᠯᠠᠵᠤ ᠪᠠᠶᠢᠭ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠴᠥᠭᠡᠳᠦᠷ ︵2019.05.24︶ ᠦᠳᠡ ᠡᠴᠡ ᠬᠣᠶᠢᠰᠢ ᠲᠤᠰ ᠠᠶᠢᠮᠠᠭ ᠤᠨ ᠠᠯᠲᠠᠨᠰᠢᠷᠡᠭᠡ ᠰᠤᠮᠤ ᠶᠢᠨ ᠨᠤᠲᠤᠭ ᠲᠤ ᠪᠠᠷᠢᠭᠳᠠᠵᠤ ᠪᠠᠶᠢᠭ᠎ᠠ ᠨᠧᠹᠲ ᠪᠣᠯᠪᠠᠰᠤᠷᠠᠭᠤᠯᠬᠤ ᠦᠢᠯᠡᠳᠪᠦᠷᠢ ᠶᠢᠨ ᠳᠡᠳ᠋ ᠪᠦᠲᠦᠴᠡ ᠶᠢᠨ ᠠᠵᠢᠯ ᠤᠨ ᠶᠠᠪᠤᠴᠠ ᠲᠠᠢ ᠲᠠᠨᠢᠯᠴᠠᠯ᠎ᠠ᠃ ᠡᠨᠡ ᠰᠠᠷ᠎ᠠ ᠶᠢᠨ 24 ᠍ ᠦ ᠡᠳᠦᠷ ᠰᠠᠶᠢᠨᠱᠠᠩᠳᠠ ᠠᠴᠠ ᠨᠧᠹᠲ ᠪᠣᠯᠪᠠᠰᠤᠷᠠᠭᠤᠯᠬᠤ ᠦᠢᠯᠡᠳᠪᠦᠷᠢ ᠬᠦᠷᠲᠡᠯᠡᠬᠢ 27 ᠺᠢᠯᠣᠮᠧᠲ᠋ᠷ ᠲᠡᠮᠦᠷ ᠵᠠᠮ ᠢ ᠪᠠᠷᠢᠵᠤ ᠳᠠᠭᠤᠰᠬᠠᠭᠰᠠᠨ ᠪᠦᠭᠡᠳ ᠣᠳᠣ ᠰᠠᠶᠢᠨᠱᠠᠩᠳᠠ-ᠵᠠᠮ ᠤᠨ ᠡᠭᠦᠳᠡ ᠴᠢᠭᠯᠡᠯ ᠦᠨ ᠬᠠᠲᠠᠭᠤ ᠬᠤᠴᠢᠯᠲᠠ ᠲᠠᠢ ᠠᠦ᠋ᠲ᠋ᠣ᠋ ᠵᠠᠮ ᠤᠨ ᠰᠠᠶᠢᠨᠱᠠᠩᠳᠠ ᠰᠤᠮᠤ ᠤᠷᠤᠭᠤ ᠰᠠᠯᠤᠭᠰᠠᠨ ᠳᠥᠷᠪᠡᠨ ᠵᠠᠮ ᠤᠨ ᠠᠭᠤᠯᠵᠠᠪᠤᠷᠢ ᠠᠴᠠ ᠨᠧᠹᠲ ᠪᠣᠯᠪᠠᠰᠤᠷᠠᠭᠤᠯᠬᠤ ᠦᠢᠯᠡᠳᠪᠦᠷᠢ ᠬᠦᠷᠲᠡᠯᠡᠬᠢ ᠬᠦᠨᠳᠦ ᠳᠠᠭᠠᠭᠠᠴᠠ ᠶᠢᠨ᠂ ᠲᠤᠰᠬᠠᠢ ᠵᠣᠷᠢᠭᠤᠯᠤᠯᠲᠠ ᠶᠢᠨ 18.8 ᠺᠢᠯᠣᠮᠧᠲ᠋ᠷ ᠠᠦ᠋ᠲ᠋ᠣ᠋ ᠵᠠᠮ ᠤᠨ ᠠᠵᠢᠯ ᠢ ᠵᠡᠪᠰᠡᠭᠲᠦ ᠬᠦᠴᠦᠨ ᠦ 7780  ᠳ᠋ᠤᠭᠠᠷ ᠠᠩᠬᠢ ᠶᠢᠨ ᠪᠡᠶ᠎ᠡ ᠪᠦᠷᠢᠯᠳᠦᠬᠦᠨ ᠭᠦᠢᠴᠡᠳᠭᠡᠵᠦ ᠪᠠᠶᠢᠭ᠎ᠠ ᠶᠤᠮ᠃ ᠥᠨᠥᠳᠥᠷ ᠦᠨ ᠪᠠᠶᠢᠳᠠᠯ ᠢᠶᠠᠷ ᠠᠦ᠋ᠲ᠋ᠣ᠋ ᠵᠠᠮ ᠤᠨ ᠭᠠᠵᠠᠷ ᠰᠢᠷᠤᠢ ᠶᠢᠨ ᠠᠵᠢᠯ ᠳᠠᠭᠤᠰᠴᠤ᠂ ᠬᠤᠴᠢᠯᠲᠠ ᠶᠢᠨ ᠠᠵᠢᠯ ᠡᠬᠢᠯᠡᠵᠡᠢ᠃ ᠡᠨᠡ ᠦᠶ᠎ᠡ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠵᠡᠪᠰᠡᠭᠲᠦ ᠬᠦᠴᠦᠨ ᠦ 7780  ᠳ᠋ᠤᠭᠠᠷ ᠠᠩᠬᠢ ᠶᠢᠨ ᠬᠤᠸᠠᠷᠠᠨ ᠢᠶᠠᠷ ᠣᠷᠣᠵᠤ᠂ ᠪᠡᠶ᠎ᠡ ᠪᠦᠷᠢᠯᠳᠦᠬᠦᠨ ᠳᠦ ᠠᠵᠢᠯ ᠤᠨ ᠠᠮᠵᠢᠯᠲᠠ ᠬᠦᠰᠡᠵᠦ᠂ ᠦᠭᠡ ᠬᠡᠯᠡᠭᠰᠡᠨ ᠶᠤᠮ᠃
ᠲᠡᠷᠡ ᠪᠡᠷ᠄ ᠡᠷ᠎ᠡ ᠴᠡᠷᠢᠭ ᠦᠨ ᠠᠯᠪᠠ ᠪᠠᠷ ᠳᠠᠮᠵᠢᠭᠤᠯᠤᠨ ᠪᠡᠶ᠎ᠡ ᠪᠢᠯᠳᠠᠷ ᠤᠨ ᠬᠥᠭᠵᠢᠯ᠂ ᠡᠬᠡ ᠣᠷᠣᠨᠴᠢ ᠰᠡᠳᠬᠢᠯ ᠰᠠᠭᠤᠯᠭᠠᠬᠤ ᠠᠴᠠ ᠭᠠᠳᠠᠨ᠎ᠠ ᠠᠵᠢᠯ ᠮᠡᠷᠭᠡᠵᠢᠯ ᠲᠡᠢ ᠪᠣᠯᠭᠠᠵᠤ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠴᠠᠯᠢᠩ ᠲᠠᠢ ᠪᠠᠷ ᠣᠷᠤᠯᠴᠠᠭᠤᠯᠵᠤ ᠪᠠᠶᠢᠨ᠎ᠠ᠃ ᠳᠡᠳ᠋ ᠪᠦᠲᠦᠴᠡ᠂ ᠬᠥᠭᠵᠢᠯ ᠦᠨ ᠪᠣᠳᠣᠯᠭ᠎ᠠ᠂ ᠢᠯᠠᠩᠭᠤᠶ᠎ᠠ ᠭᠣᠪᠢ ᠶᠢᠨ ᠪᠥᠰᠡ ᠳᠦ ᠥᠷᠨᠢᠵᠦ ᠪᠤᠢ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠠᠬᠤ ᠳᠤ ᠰᠡᠳᠬᠢᠯ ᠥᠨᠳᠥᠷ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠠᠵᠢᠯ ᠤᠳ ᠰᠠᠭᠠᠳ ᠦᠭᠡᠢ ᠥᠷᠨᠢᠵᠦ᠂ ᠴᠢᠨᠠᠭᠰᠢᠳᠠ ᠦᠷᠭᠦᠯᠵᠢᠯᠡᠨ᠎ᠡ ᠭᠡᠳᠡᠭ ᠢ ᠲᠠ ᠪᠦᠬᠦᠨ ᠪᠠᠲᠤᠯᠠᠨ ᠬᠠᠷᠠᠭᠤᠯᠵᠤ ᠪᠠᠶᠢᠨ᠎ᠠ ᠭᠡᠳ ᠪᠡᠶ᠎ᠡ ᠪᠦᠷᠢᠯᠳᠦᠬᠦᠨ ᠳᠦ ᠲᠠᠯᠠᠷᠬᠠᠯ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ