︽ᠴᠡᠩᠭᠡᠯᠲᠡᠢ ᠹᠧᠰᠲ᠋ᠢᠸᠠᠯᠢ︾ ᠳᠤᠯᠤᠳᠠᠬᠢ ᠵᠢᠯ ᠳᠦ ᠪᠡᠨ ᠪᠣᠯᠤᠯ᠎ᠠ | News.MN

︽ᠴᠡᠩᠭᠡᠯᠲᠡᠢ ᠹᠧᠰᠲ᠋ᠢᠸᠠᠯᠢ︾ ᠳᠤᠯᠤᠳᠠᠬᠢ ᠵᠢᠯ ᠳᠦ ᠪᠡᠨ ᠪᠣᠯᠤᠯ᠎ᠠ

︽ᠴᠡᠩᠭᠡᠯᠲᠡᠢ ᠹᠧᠰᠲ᠋ᠢᠸᠠᠯᠢ︾ ᠳᠤᠯᠤᠳᠠᠬᠢ ᠵᠢᠯ ᠳᠦ ᠪᠡᠨ ︽ᠮᠣᠩᠭᠣᠯ ᠪᠠᠬᠠᠷᠬᠠᠯ︾ ᠰᠡᠳᠦᠪ ᠦᠨ ᠬᠦᠷᠢᠶᠡᠨ ᠳᠦ ᠥᠨᠥᠳᠥᠷ ᠠᠨᠺᠠᠷᠠ ᠶᠢᠨ ᠭᠤᠳᠤᠮᠵᠢᠨ ᠳᠤ ᠪᠣᠯᠪᠠ᠃  ᠢᠷᠭᠡᠳ ᠢ ᠰᠣᠶᠣᠨ ᠭᠡᠭᠡᠷᠡᠭᠦᠯᠬᠦ᠂ ᠠᠮᠢᠳᠤᠷᠠᠯ ᠤᠨ ᠨᠡᠶᠢᠲᠡᠯᠢᠭ ᠰᠤᠶᠤᠯ ᠢ ᠲᠥᠯᠦᠪᠰᠢᠭᠦᠯᠬᠦ᠂ ᠦᠨᠳᠦᠰᠦᠨ ᠦ ᠥᠪ ᠰᠤᠶᠤᠯ᠂ ᠣᠷᠴᠢᠨ ᠴᠠᠭ ᠤᠨ ᠬᠣᠲᠠ ᠶᠢᠨ ᠰᠤᠶᠤᠯ ᠢ ᠰᠤᠷᠲᠠᠯᠴᠢᠯᠠᠨ ᠲᠦᠭᠡᠭᠡᠨ ᠳᠡᠯᠭᠡᠷᠡᠭᠦᠯᠬᠦ᠂ ᠲᠥᠷᠥ ᠶᠢᠨ ᠦᠢᠯᠡᠴᠢᠯᠡᠭᠡ ᠶᠢ ᠢᠷᠭᠡᠳ ᠲᠦ ᠬᠦᠷᠭᠡᠬᠦ ᠵᠣᠷᠢᠯᠭ᠎ᠠ ᠪᠠᠷ ᠴᠡᠩᠭᠡᠯᠲᠡᠢ ᠳᠡᠭᠦᠷᠭᠡ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠲᠠᠢ ᠬᠠᠮᠲᠤᠷᠠᠨ ︽ᠪᠢᠳᠡ ᠰᠠᠶᠢᠨ ᠰᠠᠶᠢᠬᠠᠨ ᠳᠤ ᠳᠠᠭᠠᠭᠤᠯᠤᠨ᠎ᠠ︾ ᠤᠷᠢᠶ᠎ᠠ ᠲᠠᠢ ︽ᠴᠡᠩᠭᠡᠯᠲᠡᠢ ᠹᠧᠰᠲ᠋ᠢᠸᠠᠯᠢ︾ ᠶᠢ ᠵᠢᠯ ᠪᠦᠷᠢ ᠵᠣᠬᠢᠶᠠᠳᠠᠭ ᠤᠯᠠᠮᠵᠢᠯᠠᠯ ᠲᠠᠢ᠃
ᠹᠧᠰᠲ᠋ᠢᠸᠠᠯᠢ ᠶᠢᠨ ᠨᠡᠭᠡᠭᠡᠯᠲᠡ ᠳᠦ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠰ∙ᠠᠮᠤᠷᠰᠠᠶᠢᠬᠠᠨ᠂ ᠴᠡᠩᠭᠡᠯᠲᠡᠢ ᠳᠡᠭᠦᠷᠭᠡ ᠳᠦ ᠪᠠᠶᠢᠷᠢᠯᠠᠳᠠᠭ ᠲᠦᠷᠺ᠂ ᠸᠢᠶᠧᠲ᠋ᠨᠠᠮ ᠤᠯᠤᠰ ᠤᠨ ᠡᠯᠴᠢᠨ ᠰᠠᠶᠢᠳ ᠤᠳ᠂ ᠠᠷᠠᠳ ᠤᠨ  ᠵᠦᠴᠦᠭᠡᠴᠢᠨ ᠨ∙ᠰᠤᠪᠤᠳ ᠨᠠᠷ ᠤᠷᠤᠯᠴᠠᠪᠠ᠃ ᠰ∙ᠠᠮᠤᠷᠰᠠᠶᠢᠬᠠᠨ ᠬᠡᠯᠡᠬᠦ ᠳᠦ ᠪᠡᠨ᠄ ᠨᠡᠶᠢᠰᠯᠡᠯ ᠦᠨ ᠲᠡᠦᠬᠡᠲᠦ 380 ᠵᠢᠯ ᠦᠨ ᠣᠢ ᠶᠢᠨ ᠬᠦᠷᠢᠶᠡᠨ ᠳᠦ ᠶᠡᠬᠡ ᠬᠣᠲᠠ ᠶᠢᠨ ᠢᠶᠠᠨ ᠲᠡᠦᠬᠡ ᠰᠤᠶᠤᠯ ᠢ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ᠂ ᠲᠡᠦᠬᠡ ᠳᠤᠷᠠᠰᠬᠠᠯ ᠤᠨ ᠭᠠᠵᠠᠷ ᠤᠳ ᠢ ᠰᠡᠷᠭᠦᠭᠡᠨ ᠵᠠᠰᠠᠪᠤᠷᠢᠯᠠᠬᠤ᠂ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠬᠤ ᠪᠠᠷ ᠠᠵᠢᠯᠯᠠᠵᠤ ᠪᠠᠶᠢᠨ᠎ᠠ᠃ ᠬᠦᠮᠦᠨ ᠲᠥᠪ ᠲᠡᠢ ᠪᠣᠳᠣᠯᠭ᠎ᠠ ᠶᠢᠨ ᠬᠦᠷᠢᠶᠡᠨ ᠳᠦ ᠬᠢᠬᠦ ᠣᠯᠠᠨ ᠠᠵᠢᠯ ᠤᠨ ᠡᠬᠢᠯᠡᠯ ᠥᠨᠥᠳᠥᠷ ᠪᠣᠯᠵᠤ ᠪᠤᠢ ᠴᠡᠩᠭᠡᠯᠲᠡᠢ ᠹᠧᠰᠲ᠋ᠢᠸᠠᠯᠢ ᠶᠤᠮ᠃ ᠣᠯᠠᠨ ᠵᠠᠭᠤᠨ ᠵᠢᠯ ᠦᠨ ᠲᠡᠦᠬᠡ ᠲᠡᠢ ᠤᠷᠠᠯᠢᠭ ᠰᠤᠶᠤᠯ ᠤᠨ ᠤᠯᠠᠮᠵᠢᠯᠠᠯ ᠢᠶᠠᠷ ᠢᠶᠠᠨ ᠳᠠᠮᠵᠢᠭᠤᠯᠤᠭᠠᠳ ᠢᠷᠭᠡᠳ ᠣᠷᠣᠰᠢᠨ ᠰᠠᠭᠤᠭᠴᠢᠳ ᠢᠯᠠᠩᠭᠤᠶ᠎ᠠ ᠬᠡᠦᠬᠡᠳ ᠪᠠᠭᠠᠴᠤᠳ ᠲᠤ ᠦᠨᠳᠦᠰᠦᠨ ᠦ ᠰᠤᠶᠤᠯ ᠤᠷᠠᠯᠢᠭ ᠢᠶᠠᠨ ᠲᠠᠨᠢᠭᠤᠯᠬᠤ ᠠᠵᠢᠯ ᠬᠢᠨ᠎ᠡ ᠭᠡᠪᠡ᠃
ᠰᠤᠶᠤᠯ ᠤᠷᠠᠯᠢᠭ ᠤᠨ ᠶᠡᠬᠡ ᠰᠤᠷᠭᠠᠭᠤᠯᠢ ᠤᠨ ᠤᠶᠤᠲᠠᠳ᠂ ᠴᠡᠴᠡᠷᠯᠢᠭ ᠦᠨ ᠪᠠᠭᠠᠴᠤᠳ᠂ ᠰᠤᠷᠤᠭᠴᠢᠳ ᠪᠣᠯᠤᠨ ᠮᠡᠷᠭᠡᠵᠢᠯ ᠦᠨ ᠤᠷᠠᠯᠢᠭ ᠤᠨ ᠪᠠᠶᠢᠭᠤᠯᠤᠯᠭ᠎ᠠ ᠶᠢᠨ ᠰᠤᠶᠤᠯ ᠤᠷᠠᠯᠢᠭ ᠤᠨ ᠲᠣᠭᠯᠠᠯᠲᠠ᠂ ᠢᠷᠭᠡᠳ ᠦᠨ ᠫᠠᠷᠠᠳ᠋᠂ ᠣᠷᠴᠢᠨ ᠦᠶ᠎ᠡ ᠶᠢᠨ ᠭᠤᠳᠤᠮᠵᠢᠨ ᠤ ᠪᠦᠵᠢᠭ ᠦᠨ ᠲᠤᠯᠤᠭᠠᠨ᠂ ᠵᠠᠯᠠᠭᠤᠰ ᠤᠨ ᠴᠢᠯᠦᠭᠡᠲᠦ ᠤᠷᠠᠨ ᠪᠦᠲᠦᠭᠡᠯ ᠦᠨ ᠦᠵᠡᠭᠦᠯᠪᠦᠷᠢ ︵open mic︶᠂ ᠰᠫᠣᠷᠲ ᠪᠣᠯᠤᠨ ᠬᠥᠭᠵᠢᠶᠡᠨᠲᠦ ᠲᠡᠮᠡᠴᠡᠭᠡᠨ᠂ ᠳᠦᠷᠰᠦᠯᠡᠬᠦ ᠤᠷᠠᠯᠢᠭ᠂ ᠭᠠᠷ ᠤᠷᠠᠯᠠᠯ ᠤᠨ ᠦᠵᠡᠰᠬᠦᠯᠡᠩ᠂ ᠦᠰᠦᠴᠢᠨ ᠭᠣᠸ᠎ᠠ ᠵᠠᠰᠠᠯᠴᠢᠳ ᠤᠨ ᠮᠡᠷᠭᠡᠵᠢᠯ ᠦᠨ ᠦᠵᠡᠰᠬᠦᠯᠡᠩ᠂ ᠬᠤᠳᠠᠯᠳᠤᠭ᠎ᠠ ᠦᠢᠯᠡᠴᠢᠯᠡᠭᠡ᠂ ᠲᠣᠭᠯᠠᠭᠠᠮ ᠤᠨ ᠦᠢᠯᠡᠴᠢᠯᠡᠭᠡ ᠵᠡᠷᠭᠡ ᠣᠯᠠᠨ  ᠲᠠᠯᠠᠲᠤ ᠠᠵᠢᠯ ᠢ ᠪᠦᠲᠦᠨ ᠡᠳᠦᠷ ᠦᠨ ᠲᠤᠷᠰᠢ ᠵᠣᠬᠢᠶᠠᠨ ᠪᠠᠶᠢᠭᠤᠯᠪᠠ᠃

ᠰᠡᠳᠬᠢᠭᠳᠡᠯ ᠦᠯᠡᠳᠡᠭᠡᠬᠦ