ᠭᠣᠯᠣᠮᠲᠠ ᠪᠠᠩᠬᠢᠨ ᠤ ᠭᠦᠢᠴᠡᠳᠭᠡᠬᠦ ᠵᠠᠬᠢᠷᠤᠯ ᠢᠶᠠᠷ ᠨᠤᠷᠢᠾᠢᠺᠤ ᠺᠠᠲ᠋ᠤ᠋ ᠲᠣᠮᠢᠯᠠᠭᠳᠠᠯ᠎ᠠ | News.MN

ᠭᠣᠯᠣᠮᠲᠠ ᠪᠠᠩᠬᠢᠨ ᠤ ᠭᠦᠢᠴᠡᠳᠭᠡᠬᠦ ᠵᠠᠬᠢᠷᠤᠯ ᠢᠶᠠᠷ ᠨᠤᠷᠢᠾᠢᠺᠤ ᠺᠠᠲ᠋ᠤ᠋ ᠲᠣᠮᠢᠯᠠᠭᠳᠠᠯ᠎ᠠ

2019.05.23 ᠍ ᠤ ᠡᠳᠦᠷ ᠦᠨ ᠭᠣᠯᠣᠮᠲᠠ ᠪᠠᠩᠬᠢᠨ ᠤ ᠲᠥᠯᠥᠭᠡᠯᠡᠨ ᠤᠳᠤᠷᠢᠳᠬᠤ ᠵᠥᠪᠯᠡᠯ ᠦᠨ ᠭᠡᠰᠢᠭᠦᠳ ᠦᠨ ᠰᠢᠢᠳᠪᠦᠷᠢ ᠪᠡᠷ ᠨᠣᠶᠠᠨ ᠨᠤᠷᠢᠾᠢᠺᠤ ᠺᠠᠲ᠋ᠤ᠋ ᠨᠢ ᠥ᠊∙ᠭᠠᠩᠵᠣᠷᠢᠭ ᠤᠨ ᠬᠠᠯᠠᠭ᠎ᠠ ᠶᠢ ᠠᠪᠤᠨ ᠠᠵᠢᠯᠯᠠᠬᠤ ᠭᠣᠯᠣᠮᠲᠠ ᠪᠠᠩᠬᠢᠨ ᠤ ᠭᠦᠢᠴᠡᠳᠭᠡᠬᠦ ᠵᠠᠬᠢᠷᠤᠯ ᠢᠶᠠᠷ ᠲᠣᠮᠢᠯᠠᠭᠳᠠᠯ᠎ᠠ᠃ ᠨᠤᠷᠢᠾᠢᠺᠤ ᠺᠠᠲ᠋ᠤ᠋ ᠨᠢ ᠪᠠᠩᠬᠢᠨ ᠤ ᠰᠠᠯᠪᠤᠷᠢ ᠳᠤ 30 ᠭᠠᠷᠤᠢ ᠵᠢᠯ ᠠᠵᠢᠯᠯᠠᠭᠰᠠᠨ ᠠᠷᠪᠢᠨ ᠲᠤᠷᠰᠢᠯᠭ᠎ᠠ ᠲᠠᠢ᠃ ᠲᠡᠷᠡᠪᠡᠷ ᠠᠵᠢᠯ ᠤᠨ ᠭᠠᠷᠤᠭ᠎ᠠ ᠪᠠᠨ Bank of Tokyo ︵ᠣᠳᠣ ᠶᠢᠨ MUFG︶ ᠍ ᠠᠴᠠ ᠡᠬᠢᠯᠡᠭᠦᠯᠵᠦ᠂ ᠲᠤᠤᠺᠢᠤ᠋᠂ ᠨᠢᠦ᠋ ᠶᠤᠷᠺ ᠠᠮᠰᠲ᠋ᠧᠷᠳᠠᠮ ᠳᠤ ᠪᠠᠶᠢᠭᠤᠯᠤᠯᠭ᠎ᠠ ᠶᠢᠨ ᠪᠠᠩᠬᠢ᠂ ᠬᠦᠮᠦᠨ ᠦ ᠨᠥᠭᠡᠴᠡ᠂ ᠪᠠᠶᠢᠭᠤᠯᠤᠯᠭ᠎ᠠ ᠶᠢᠨ ᠲᠥᠯᠥᠪᠯᠡᠯᠲᠡ ᠵᠡᠷᠭᠡ ᠤᠳᠤᠷᠢᠳᠤᠯᠭ᠎ᠠ ᠶᠢᠨ ᠪᠦᠬᠦ ᠱᠠᠲᠤᠨ ᠳᠤ ᠠᠵᠢᠯᠯᠠᠵᠤ ᠪᠠᠶᠢᠭᠰᠠᠨ᠃ ᠡᠭᠦᠨ ᠡᠴᠡ ᠭᠠᠳᠠᠨ᠎ᠠ 2009-2016 ᠣᠨ ᠳᠤ ᠮᠣᠩᠭᠣᠯ ᠤᠨ ᠪᠠᠩᠬᠢᠨ ᠤ ᠰᠠᠯᠪᠤᠷᠢ ᠳᠤ᠂ ᠲᠤᠬᠠᠶᠢᠯᠠᠪᠠᠯ ᠬᠠᠭᠠᠨ ᠪᠠᠩᠭᠢ ᠳᠤ ᠭᠦᠢᠴᠡᠳᠭᠡᠬᠦ ᠵᠠᠬᠢᠷᠤᠯ ᠤᠨ ᠣᠷᠣᠯᠠᠭᠴᠢ ᠪᠣᠯᠤᠨ ᠭᠦᠢᠴᠡᠳᠭᠡᠬᠦ ᠵᠠᠬᠢᠷᠤᠯ ᠢᠶᠠᠷ᠂ ᠮᠣᠩᠭᠣᠯ ᠤᠨ ᠪᠠᠩᠬᠢᠨ ᠤ ᠬᠣᠯᠪᠣᠭᠠᠨ ᠳᠤ ᠳᠡᠳ᠋ ᠶᠡᠷᠦᠩᠬᠡᠶᠢᠯᠡᠭᠴᠢ ᠪᠡᠷ ᠠᠵᠢᠯᠯᠠᠵᠤ ᠪᠠᠶᠢᠵᠠᠢ᠃ ᠭᠣᠯᠣᠮᠲᠠ ᠪᠠᠩᠬᠢᠨ ᠤ ᠭᠦᠢᠴᠡᠳᠭᠡᠬᠦ ᠵᠠᠬᠢᠷᠤᠯ ᠢᠶᠠᠷ ᠲᠣᠮᠢᠯᠠᠭᠳᠠᠬᠤ ᠶᠢᠨ ᠡᠮᠦᠨ᠎ᠡ ᠨᠣᠶᠠᠨ ᠺᠠᠲ᠋ᠤ᠋ ᠨᠢ ᠺᠠᠮᠪᠤᠵᠠ ᠶᠢᠨ ᠰᠲ᠋ᠠᠫᠠᠨᠠ ᠪᠠᠩᠬᠢᠨ ᠤ ᠭᠦᠢᠴᠡᠳᠭᠡᠬᠦ ᠵᠠᠬᠢᠷᠤᠯ ᠢᠶᠠᠷ ᠠᠵᠢᠯᠯᠠᠨ᠂ ᠲᠤᠰ ᠪᠠᠩᠬᠢ ᠶᠢ ᠳ᠋ᠢᠵᠢᠲ᠋ᠠᠯ ᠦᠢᠯᠡᠴᠢᠯᠡᠭᠡ ᠪᠡᠷ ᠤᠯᠤᠰ ᠲᠤ ᠪᠠᠨ ᠲᠡᠷᠢᠭᠦᠯᠡᠭᠴᠢ ᠪᠠᠩᠬᠢ ᠪᠣᠯᠭᠠᠵᠤ ᠴᠢᠳᠠᠭᠰᠠᠨ ᠪᠠᠶᠢᠨ᠎ᠠ ᠃

ᠰᠡᠳᠬᠢᠭᠳᠡᠯ ᠦᠯᠡᠳᠡᠭᠡᠬᠦ