ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠬᠢᠨ ᠲᠠᠢ ᠠᠭᠤᠯᠵᠠᠪᠠ | News.MN

ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠬᠢᠨ ᠲᠠᠢ ᠠᠭᠤᠯᠵᠠᠪᠠ

ᠣᠯᠠᠨ ᠤᠯᠤᠰ ᠤᠨ ᠫᠠᠷᠯᠠᠮᠸᠨᠲ ᠤᠨ ᠬᠣᠯᠪᠣᠭ᠎ᠠ ᠪᠣᠯᠤᠨ ᠮᠣᠩᠭᠣᠯ ᠤᠯᠤᠰ ᠤᠨ ᠶᠡᠬᠡ ᠬᠤᠷᠠᠯ ᠠᠴᠠ ᠬᠠᠮᠲᠤᠷᠠᠨ ᠵᠣᠬᠢᠶᠠᠨ ᠪᠠᠶᠢᠭᠤᠯᠵᠤ ᠪᠤᠢ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠶᠢᠨ ᠬᠡᠷᠡᠭᠵᠢᠯᠲᠡ ᠶᠢᠨ ᠠᠰᠠᠭᠤᠳᠠᠯ ᠤᠨ ᠠᠽᠢᠶ᠎ᠠ ᠨᠣᠮᠣᠬᠠᠨ ᠳᠠᠯᠠᠢ ᠶᠢᠨ ᠪᠥᠰᠡ ᠶᠢᠨ ᠬᠣᠶᠠᠳᠤᠭᠠᠷ ᠴᠢᠭᠤᠯᠭᠠᠨ ᠥᠨᠥᠳᠥᠷ ᠲᠥᠷᠥ ᠶᠢᠨ ᠣᠷᠳᠣᠨ ᠳᠤ ᠪᠣᠯᠵᠤ ᠪᠠᠶᠢᠨ᠎ᠠ᠃ ᠴᠢᠭᠤᠯᠭᠠᠨ ᠳᠤ ᠣᠷᠣᠯᠴᠠᠬᠤ ᠪᠠᠷ ᠢᠷᠡᠭᠰᠡᠨ ᠲᠥᠯᠥᠭᠡᠯᠡᠭᠴᠢᠳ ᠢ ᠥᠨᠥᠳᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠬ∙ᠪᠠᠲᠤᠲᠤᠯᠭ᠎ᠠ ᠲᠥᠯᠥᠭᠡᠯᠡᠭᠴᠢᠳ ᠢ ᠮᠣᠩᠭᠣᠯ ᠤᠯᠤᠰ ᠲᠤ ᠲᠠᠪᠠᠲᠠᠢ ᠮᠣᠷᠢᠯᠠᠬᠤ ᠶᠢ ᠬᠦᠰᠡᠭᠡᠳ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠨᠤᠭᠤᠳ ᠢ ᠬᠡᠷᠡᠭᠵᠢᠭᠦᠯᠬᠦ ᠳᠦ  ᠲᠥᠯᠥᠭᠡᠯᠡᠭᠴᠢᠳ ᠦᠨ ᠬᠢᠴᠢᠶᠡᠯ ᠵᠢᠳᠬᠦᠯ ᠶᠡᠬᠡᠬᠡᠨ ᠬᠤᠪᠢ ᠨᠡᠮᠡᠷᠢ ᠣᠷᠣᠭᠤᠯᠤᠨ᠎ᠠ ᠬᠡᠮᠡᠨ ᠴᠣᠬᠣᠨ ᠲᠡᠮᠳᠡᠭᠯᠡᠪᠡ᠃ ᠮᠥᠨ ᠣᠯᠠᠨ ᠤᠯᠤᠰ ᠤᠨ ᠫᠠᠷᠯᠠᠮᠸᠨᠲ ᠤᠨ ᠬᠣᠯᠪᠣᠭ᠎ᠠ ᠶᠢᠨ ᠶᠡᠷᠦᠩᠬᠡᠶᠢᠯᠡᠭᠴᠢ ᠬᠠᠲᠤᠭᠲᠠᠢ ᠭᠠᠪᠷᠸᠯᠠ ᠺᠤᠸ᠋ᠸᠰ ᠪᠠᠷᠷᠣᠨ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠵᠤ ᠪᠠᠶᠢᠭᠠᠳ ᠲᠠᠯᠠᠷᠬᠠᠭᠠᠳ᠂ ᠪᠥᠰᠡ ᠶᠢᠨ ᠬᠣᠶᠠᠳᠤᠭᠠᠷ ᠴᠢᠭᠤᠯᠭᠠᠨ ᠢ ᠮᠣᠩᠭᠣᠯ ᠤᠯᠤᠰ ᠤᠨ ᠶᠡᠬᠡ ᠬᠤᠷᠠᠯ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠨᠢ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠨᠤᠭᠤᠳ ᠢ ᠬᠡᠷᠡᠭᠵᠢᠭᠦᠯᠬᠦ ᠳᠦ ᠮᠣᠩᠭᠣᠯ ᠤᠯᠤᠰ ᠤᠨ ᠣᠷᠣᠭᠤᠯᠵᠤ ᠪᠤᠢ ᠥᠨᠳᠥᠷ ᠬᠤᠪᠢ ᠨᠡᠮᠡᠷᠢ ᠭᠡᠵᠦ ᠦᠵᠡᠵᠦ ᠪᠤᠢ ᠪᠠᠨ ᠢᠯᠡᠷᠬᠡᠶᠢᠯᠡᠪᠡ᠃  ᠮᠥᠨ ᠣᠯᠠᠨ ᠤᠯᠤᠰ ᠤᠨ ᠫᠠᠷᠯᠠᠮᠸᠨᠲ ᠤᠨ ᠬᠣᠯᠪᠣᠭ᠎ᠠ ᠶᠢᠨ ᠲᠡᠷᠢᠭᠦᠯᠡᠬᠦ ᠵᠣᠷᠢᠯᠭ᠎ᠠ ᠨᠤᠭᠤᠳ ᠤᠨ ᠨᠢᠭᠡ ᠨᠢ ᠤᠯᠤᠰ ᠤᠨ ᠶᠡᠬᠡ ᠬᠤᠷᠠᠯ ᠳᠤ ᠢᠷᠭᠡᠳ ᠦᠨ ᠣᠷᠣᠯᠴᠠᠭ᠎ᠠ ᠶᠢ ᠨᠡᠮᠡᠭᠳᠡᠭᠦᠯᠬᠦ᠂ ᠢᠩᠭᠢᠭᠰᠡᠨ ᠢᠶᠡᠷ ᠢᠷᠭᠡᠳ ᠲᠦ ᠠᠰᠢᠭ ᠲᠠᠢ ᠬᠠᠤᠯᠢ ᠪᠠᠲᠤᠯᠠᠬᠤ᠂ ᠡᠨᠡ ᠵᠠᠮ ᠢᠶᠠᠷ ᠠᠷᠠᠳᠴᠢᠯᠠᠯ ᠢ ᠪᠡᠬᠢᠵᠢᠭᠦᠯᠬᠦ ᠳᠦ ᠴᠢᠭᠯᠡᠳᠡᠭ ᠵᠡᠷᠭᠡ ᠪᠡᠷ ᠣᠯᠠᠨ ᠤᠯᠤᠰ ᠤᠨ ᠫᠠᠷᠯᠠᠮᠸᠨᠲ ᠤᠨ ᠬᠣᠯᠪᠣᠭ᠎ᠠ ᠶᠢᠨ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠶᠠᠷᠢᠯᠴᠠᠯ᠎ᠠ᠃

ᠰᠡᠳᠬᠢᠭᠳᠡᠯ ᠦᠯᠡᠳᠡᠭᠡᠬᠦ