ᠮᠣᠩᠭᠣᠯ ᠤᠨ ᠡᠷᠡᠭᠲᠡᠢ ᠪᠠᠭ ᠮᠥᠩᠭᠥᠨ ᠮᠧᠳᠠᠯ ᠬᠦᠷᠲᠡᠯ᠎ᠡ | News.MN

ᠮᠣᠩᠭᠣᠯ ᠤᠨ ᠡᠷᠡᠭᠲᠡᠢ ᠪᠠᠭ ᠮᠥᠩᠭᠥᠨ ᠮᠧᠳᠠᠯ ᠬᠦᠷᠲᠡᠯ᠎ᠡ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠤᠨᠠᠨ ᠮᠤᠵᠢ ᠶᠢᠨ ᠴᠠᠩᠱᠠ ᠬᠤᠲᠠ ᠳᠤ ᠲᠠᠪᠤᠳᠤᠭᠠᠷ ᠰᠠᠷ᠎ᠠ ᠶᠢᠨ 24-26  ᠳᠤ ᠨᠠᠰᠤᠨ ᠳᠤ ᠬᠦᠷᠦᠭᠰᠡᠳ ᠦᠨ 3X 3 ᠰᠠᠭᠰᠤᠨ ᠪᠥᠮᠪᠥᠭᠡ ᠶᠢᠨ ᠠᠽᠢᠶ᠎ᠠ ᠶᠢᠨ  ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠵᠤ ᠥᠨᠳᠥᠷᠯᠡᠯ᠎ᠡ᠃ ᠮᠠᠨ ᠤ ᠤᠯᠤᠰ ᠠᠴᠠ ᠡᠷᠡᠭᠲᠡᠢ᠂ ᠡᠮᠡᠭᠲᠡᠢ ᠪᠠᠭ ᠬᠣᠶᠠᠭᠤᠯᠠ ᠪᠠᠨ ᠣᠷᠣᠯᠴᠠᠵᠤ᠂ ᠡᠷᠡᠭᠲᠡᠢ ᠪᠠᠭ ᠮᠥᠩᠭᠥᠨ ᠮᠧᠳᠠᠯ ᠬᠦᠷᠲᠡᠯ᠎ᠡ᠃ ᠡᠷᠡᠭᠲᠡᠢ ᠰᠠᠭᠰᠤᠨ ᠪᠥᠮᠪᠦᠭᠡᠴᠢᠳ ᠡᠮᠦᠨ᠎ᠡ ᠨᠢ 2017 ᠣᠨ ᠳᠤ ᠤᠯᠠᠭᠠᠨᠪᠠᠭᠠᠲᠤᠷ ᠬᠤᠲᠠ ᠳᠤ ᠵᠣᠬᠢᠶᠠᠭᠳᠠᠭᠰᠠᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠠᠯᠲᠠᠨ ᠮᠧᠳᠠᠯ᠂ 2018 ᠣᠨ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠱᠸᠨᠵᠸᠨ ᠳᠦ ᠪᠣᠯᠤᠭᠰᠠᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠮᠥᠩᠭᠥᠨ ᠮᠧᠳᠠᠯ ᠬᠦᠷᠲᠡᠵᠦ ᠪᠠᠶᠢᠭᠰᠠᠨ᠃ ᠲᠡᠭᠡᠪᠡᠯ ᠡᠮᠡᠭᠲᠡᠢ ᠪᠠᠭ ᠬᠦᠷᠡᠯ ᠮᠧᠳᠠᠯ ᠤᠨ ᠲᠥᠯᠥᠭᠡ ᠶᠠᠫᠣᠨ ᠤ ᠪᠠᠭ ᠲᠠᠢ ᠲᠣᠭᠯᠠᠵᠤ᠂ 21᠄14 ᠬᠠᠷᠢᠴᠠᠭ᠎ᠠ ᠲᠠᠢ ᠬᠣᠵᠢᠭᠳᠠᠵᠤ᠂ ᠳᠥᠷᠪᠡᠳᠦᠭᠡᠷ ᠪᠠᠶᠢᠷᠢ ᠳᠤ ᠰᠢᠯᠭᠠᠷᠠᠭᠰᠠᠨ ᠠᠮᠵᠢᠯᠲᠠ ᠦᠵᠡᠭᠦᠯᠵᠡᠢ᠃ ᠮᠣᠩᠭᠣᠯ ᠤᠨ ᠡᠮᠡᠭᠲᠡᠢ 3X 3 ᠰᠠᠭᠰᠤᠨ ᠪᠥᠮᠪᠥᠭᠡ ᠶᠢᠨ ᠪᠠᠭ 2013 ᠣᠨ ᠤ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠮᠥᠩᠭᠥᠨ ᠮᠧᠳᠠᠯ ᠬᠦᠷᠲᠡᠵᠦ ᠪᠠᠶᠢᠭᠰᠠᠨ᠃

ᠰᠡᠳᠬᠢᠭᠳᠡᠯ ᠦᠯᠡᠳᠡᠭᠡᠬᠦ