︽ᠲᠩᠷᠢ ᠶᠢᠨ ᠪᠢᠴᠢᠭ-2019︾ ᠤᠷᠠᠨ ᠪᠢᠴᠢᠯᠭᠡ ᠶᠢᠨ ᠦᠵᠡᠰᠬᠦᠯᠡᠩ ᠪᠤᠯᠪᠠ | News.MN

 ︽ᠲᠩᠷᠢ ᠶᠢᠨ ᠪᠢᠴᠢᠭ-2019︾ ᠤᠷᠠᠨ ᠪᠢᠴᠢᠯᠭᠡ ᠶᠢᠨ ᠦᠵᠡᠰᠬᠦᠯᠡᠩ ᠪᠤᠯᠪᠠ

ᠠᠷᠤᠬᠠᠩᠭᠠᠢ ᠠᠶᠢᠮᠠᠭ ᠤᠨ ᠨᠡᠶᠢᠲᠡ ᠶᠢᠨ ᠨᠣᠮ ᠤᠨ ᠰᠠᠩ- ᠮᠡᠳᠡᠭᠡᠯᠡᠯ ᠦᠨ ᠲᠥᠪ  ︽ᠦᠨᠳᠦᠰᠦᠨ ᠦ ᠪᠢᠴᠢᠭ ᠦᠰᠦᠭ ᠦᠨ ᠪᠠᠶᠠᠷ-2019︾ ᠶᠢ ᠲᠡᠮᠳᠡᠭᠯᠡᠨ ᠥᠩᠭᠡᠷᠡᠭᠦᠯᠦᠯ᠎ᠡ᠃ ᠢᠷᠭᠡᠳ᠂ ᠣᠯᠠᠨ ᠨᠡᠶᠢᠲᠡ ᠳᠦ ᠮᠣᠩᠭᠣᠯ ᠦᠨᠳᠦᠰᠦᠨ ᠦ ᠪᠢᠴᠢᠭ ᠦᠨ ᠥᠪ ᠰᠤᠶᠤᠯ᠂ ᠤᠯᠠᠮᠵᠢᠯᠠᠯ᠂ ᠥᠨᠥ ᠶᠢᠨ ᠬᠥᠭᠵᠢᠯ ᠦᠨ ᠴᠢᠭ ᠬᠠᠨᠳᠤᠯᠭ᠎ᠠ ᠶᠢ ᠲᠦᠭᠡᠭᠡᠨ ᠳᠡᠯᠭᠡᠷᠡᠭᠦᠯᠬᠦ᠂ ᠰᠤᠷᠲᠠᠯᠴᠢᠯᠠᠨ ᠲᠠᠨᠢᠭᠤᠯᠬᠤ ᠵᠣᠷᠢᠯᠭ᠎ᠠ ᠪᠠᠷ ᠪᠠᠭᠰᠢ᠂ ᠰᠤᠷᠤᠭᠴᠢ᠂ ᠰᠣᠨᠢᠷᠬᠠᠭᠴᠢᠳ ᠤᠨ ᠳᠤᠮᠳᠠ ︽ᠲᠩᠷᠢ ᠶᠢᠨ ᠪᠢᠴᠢᠭ-2019︾ ᠤᠷᠠᠨ ᠪᠢᠴᠢᠯᠭᠡ ᠶᠢᠨ ᠦᠵᠡᠰᠬᠦᠯᠡᠩ ᠢ ᠠᠶᠢᠮᠠᠭ ᠤᠨ ᠨᠡᠶᠢᠲᠡ ᠶᠢᠨ ᠨᠣᠮ ᠤᠨ ᠰᠠᠩ ᠳᠤ ᠳᠡᠯᠭᠡᠭᠰᠡᠨ᠃
ᠲᠤᠰ ᠦᠵᠡᠰᠬᠦᠯᠡᠩ ᠢ ᠵᠢᠯ ᠪᠦᠷᠢ ᠰᠢᠨ᠎ᠡ ᠤᠷᠠᠨ ᠪᠢᠴᠢᠯᠭᠡ ᠶᠢᠨ ᠪᠦᠲᠦᠭᠡᠯ ᠢᠶᠡᠷ ᠪᠠᠶᠠᠵᠢᠭᠤᠯᠤᠨ ᠶᠠᠪᠤᠭᠤᠯᠳᠠᠭ ᠪᠠ 60 ᠣᠷᠴᠢᠮ ᠪᠦᠲᠦᠭᠡᠯ ᠲᠠᠯᠪᠢᠭᠳᠠᠭᠰᠠᠨ ᠪᠠᠶᠢᠨ᠎ᠠ᠃ ᠦᠵᠡᠰᠬᠦᠯᠡᠩ ᠢ 14 ᠬᠣᠨᠣᠭ ᠤᠨ ᠬᠤᠭᠤᠴᠠᠭᠠᠨ ᠳᠤ ᠢᠷᠭᠡᠳ ᠲᠦ ᠦᠵᠡᠭᠦᠯᠦᠯ᠎ᠡ᠃ ᠡᠨᠡ ᠦᠶ᠎ᠡ ᠪᠡᠷ ᠨᠡᠶᠢᠲᠡ ᠶᠢᠨ ᠨᠣᠮ ᠤᠨ ᠰᠠᠩ ᠤᠨ ᠰᠠᠩ ᠬᠥᠮᠥᠷᠭᠡ ᠳᠦ ᠬᠠᠳᠠᠭᠠᠯᠠᠭᠳᠠᠵᠤ ᠪᠤᠢ ᠦᠨᠡᠲᠦ ᠬᠣᠪᠣᠷ ᠡᠷᠲᠡᠨ ᠦ ᠰᠤᠳᠤᠷ᠂ ᠮᠣᠩᠭᠣᠯ ᠪᠢᠴᠢᠭ ᠢᠶᠡᠷ ᠬᠡᠪᠯᠡᠭᠳᠡᠭᠰᠡᠨ 63 ᠨᠣᠮ ᠢ᠂ ᠲᠠᠶᠢᠯᠪᠤᠷᠢ ᠶᠢᠨ ᠬᠠᠮᠲᠤ ᠪᠠᠷ ᠤᠩᠰᠢᠭᠴᠢ ᠤᠯᠠᠨ ᠳᠤ ᠰᠤᠷᠲᠠᠯᠴᠢᠯᠠᠨ ᠲᠠᠨᠢᠭᠤᠯᠤᠭᠰᠠᠨ ᠪᠠᠶᠢᠨ᠎ᠠ᠃ ᠮᠥᠨ ᠨᠠᠰᠤᠨ ᠳᠤ ᠬᠦᠷᠦᠭᠰᠡᠳ᠂ ᠰᠤᠷᠤᠭᠴᠢᠳ ᠤᠨ ᠳᠤᠮᠳᠠ ︽ᠵᠥᠪ ᠰᠠᠶᠢᠬᠠᠨ ᠪᠢᠴᠢᠭᠲᠡᠨ︾᠂  ︽ᠲᠦᠷᠭᠡᠨ ᠤᠩᠰᠢᠯᠭ᠎ᠠ︾ ᠶᠢᠨ ᠤᠷᠤᠯᠳᠤᠭᠠᠨ ᠵᠣᠬᠢᠶᠠᠨ ᠪᠠᠶᠢᠭᠤᠯᠵᠠᠢ᠃ ᠤᠷᠤᠯᠳᠤᠭᠠᠨ ᠲᠡᠮᠡᠴᠡᠭᠡᠨ ᠳᠦ ᠨᠡᠶᠢᠲᠡ 10 ᠭᠠᠷᠤᠢ ᠰᠤᠮᠤ ᠶᠢᠨ 250 ᠭᠠᠷᠤᠢ ᠣᠷᠣᠯᠴᠠᠭᠴᠢ ᠣᠷᠣᠯᠴᠠᠵᠤ᠂ ᠤᠷᠠᠨ ᠪᠢᠴᠢᠯᠭᠡ᠂ ᠬᠣᠪᠣᠷ ᠨᠣᠮ ᠤᠨ ᠦᠵᠡᠰᠬᠦᠯᠡᠩ ᠢ 100 ᠭᠠᠷᠤᠢ ᠬᠦᠮᠦᠨ ᠦᠵᠡᠵᠦ ᠰᠣᠨᠢᠷᠬᠠᠵᠠᠢ᠃

ᠰᠡᠳᠬᠢᠭᠳᠡᠯ ᠦᠯᠡᠳᠡᠭᠡᠬᠦ