︽ᠦᠨᠳᠦᠰᠦᠨ ᠦ ᠪᠢᠴᠢᠭ︾ ᠤᠷᠤᠯᠳᠤᠭᠠᠨ  ᠪᠤᠯᠪᠠ | News.MN

 ︽ᠦᠨᠳᠦᠰᠦᠨ ᠦ ᠪᠢᠴᠢᠭ︾ ᠤᠷᠤᠯᠳᠤᠭᠠᠨ  ᠪᠤᠯᠪᠠ

ᠵᠠᠰᠠᠭ ᠤᠨ ᠭᠠᠵᠠᠷ ᠤᠨ 2012-2016 ᠣᠨ ᠤ ᠦᠢᠯᠡ ᠠᠵᠢᠯᠯᠠᠭᠠᠨ ᠤ ᠬᠥᠲᠥᠯᠪᠦᠷᠢ ᠶᠢ ᠬᠡᠷᠡᠭᠵᠢᠭᠦᠯᠬᠦ ᠵᠣᠷᠢᠯᠭ᠎ᠠ ᠪᠠᠷ ᠲᠥᠷᠥ ᠶᠢᠨ ᠠᠯᠪᠠᠨ ᠬᠡᠷᠡᠭ ᠬᠥᠲᠦᠯᠦᠯᠲᠡ ᠶᠢᠨ ᠰᠲ᠋ᠠᠨᠳᠠᠷᠲ ᠢ ᠪᠦᠬᠦ ᠱᠠᠲᠤᠨ ᠳᠤ ᠮᠥᠷᠳᠡᠯᠭᠡ ᠪᠣᠯᠭᠠᠵᠤ᠂ ᠲᠡᠳᠡᠨ ᠦ ᠮᠡᠳᠡᠯᠭᠡ ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠬᠤ ᠶᠢ ᠵᠠᠰᠠᠭ ᠤᠨ ᠭᠠᠵᠠᠷ ᠤᠨ ᠭᠡᠰᠢᠭᠦᠳ᠂ ᠠᠭᠧᠨᠲᠯᠢᠭ ᠤᠨ ᠳᠠᠷᠤᠭ᠎ᠠ᠂ ᠪᠦᠬᠦ ᠱᠠᠲᠤᠨ ᠤ ᠵᠠᠰᠠᠭ ᠳᠠᠷᠤᠭ᠎ᠠ ᠨᠠᠷ ᠲᠤ ᠡᠭᠦᠷᠭᠡ ᠪᠣᠯᠭᠠᠭᠰᠠᠨ ᠪᠠᠶᠢᠨ᠎ᠠ᠃ ᠡᠨᠡ ᠬᠦᠷᠢᠶᠡᠨ ᠳᠦ ᠰᠤᠮᠤ᠂ ᠠᠶᠢᠮᠠᠭ᠂ ᠨᠡᠶᠢᠰᠯᠡᠯ ᠦᠨ ᠬᠡᠮᠵᠢᠶᠡᠨ ᠳᠦ ᠦᠨᠳᠦᠰᠦᠨ ᠦ ᠬᠡᠯᠡ ᠪᠢᠴᠢᠭ ᠢᠶᠡᠨ ᠳᠡᠭᠡᠳᠦᠯᠡᠬᠦ᠂ ᠤᠯᠠᠮᠵᠢᠯᠠᠬᠤ᠂ ᠰᠤᠷᠭᠠᠬᠤ ᠵᠣᠷᠢᠯᠭ᠎ᠠ ᠪᠠᠷ ᠱᠠᠲᠤ ᠳᠠᠷᠠᠭ᠎ᠠ ᠲᠠᠢ ᠠᠷᠭ᠎ᠠ ᠬᠡᠮᠵᠢᠶ᠎ᠡ ᠵᠣᠬᠢᠶᠠᠨ ᠪᠠᠶᠢᠭᠤᠯᠳᠠᠭ᠃ ᠥᠩᠭᠡᠷᠡᠭᠰᠡᠨ 4 ᠳ᠋ᠤᠭᠡᠷ ᠰᠠᠷ᠎ᠠ ᠶᠢᠨ ᠰᠡᠭᠦᠯᠡᠷ ᠤᠯᠤᠰ ᠤᠨ ᠬᠡᠮᠵᠢᠶᠡᠨ ᠳᠦ ᠦᠨᠳᠦᠰᠦᠨ ᠦ ᠬᠡᠯᠡ ᠪᠢᠴᠢᠭ ᠦᠨ ᠤᠷᠤᠯᠳᠤᠭᠠᠨ ᠢ ᠪᠠᠭᠰᠢ᠂ ᠰᠤᠷᠤᠭᠴᠢᠳ ᠤᠨ ᠳᠤᠮᠳᠠ ᠶᠠᠪᠤᠭᠤᠯᠤᠭᠰᠠᠨ ᠨᠢ ᠡᠭᠦᠨ ᠦ ᠨᠢᠭᠡ ᠢᠯᠡᠷᠡᠯ ᠶᠤᠮ᠃
ᠲᠦᠪ ᠠᠶᠢᠮᠠᠭ ᠤᠨ ᠪᠠᠶᠠᠨ ᠰᠤᠮᠤ ᠶᠢᠨ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠵᠢᠯ ᠪᠦᠷᠢ ᠤᠯᠠᠮᠵᠢᠯᠠᠯ ᠪᠣᠯᠭᠠᠨ ︽ᠦᠨᠳᠦᠰᠦᠨ ᠦ ᠪᠢᠴᠢᠭ︾ ᠤᠷᠤᠯᠳᠤᠭᠠᠨ ᠢ ᠵᠣᠬᠢᠶᠠᠨ ᠪᠠᠶᠢᠭᠤᠯᠳᠠᠭ᠃ ᠡᠨᠡ ᠵᠢᠯ ᠦᠨ ᠤᠷᠤᠯᠳᠤᠭᠠᠨ ᠢ  ︽ᠬᠤᠷᠳᠤᠨ ᠲᠣᠳᠣ ᠤᠩᠰᠢᠭᠴᠢ︾᠂ ︽ᠴᠡᠪᠡᠷ ᠰᠠᠶᠢᠬᠠᠨ ᠪᠢᠴᠢᠭᠲᠡᠨ︾ ᠭᠡᠰᠡᠨ ᠲᠥᠷᠥᠯ ᠢᠶᠡᠷ ᠶᠠᠪᠤᠭᠤᠯᠤᠭᠰᠠᠨ ᠪᠠᠶᠢᠨ᠎ᠠ᠃ ᠤᠷᠤᠯᠳᠤᠭᠠᠨ ᠤ ᠵᠣᠷᠢᠯᠭ᠎ᠠ ᠦᠨᠳᠦᠰᠦᠨ ᠦ ᠪᠢᠴᠢᠭ ᠰᠤᠶᠤᠯ ᠢᠶᠠᠨ ᠤᠯᠠᠮᠵᠢᠯᠠᠨ ᠳᠡᠯᠭᠡᠷᠡᠭᠦᠯᠬᠦ᠂ ᠲᠡᠭᠡᠭᠡᠬᠦ᠂ ᠲᠦᠭᠡᠭᠡᠬᠦ ᠦᠢᠯᠡᠰ ᠲᠦ ᠬᠤᠪᠢ ᠨᠡᠮᠡᠷᠢ ᠣᠷᠣᠭᠤᠯᠬᠤ ᠳᠤ ᠴᠢᠭᠯᠡᠵᠦ ᠪᠠᠶᠢᠭ᠎ᠠ ᠶᠤᠮ᠃
︽ᠬᠤᠷᠳᠤᠨ ᠲᠣᠳᠣ ᠤᠩᠰᠢᠭᠴᠢ︾ ᠍ ᠪᠠᠷ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠨᠡᠶᠢᠭᠡᠮ ᠤᠨ ᠬᠠᠯᠠᠮᠵᠢ ᠶᠢᠨ ᠮᠡᠷᠭᠡᠵᠢᠯᠲᠡᠨ ᠼ ᠂ ᠪᠠᠶᠠᠷᠮᠠ 127 ᠦᠭᠡ ᠤᠩᠰᠢᠵᠤ ᠲᠡᠷᠢᠭᠦᠨ ᠪᠠᠶᠢᠷᠢ ᠳᠤ᠂ ᠡᠷᠡᠭᠦᠯ ᠮᠡᠨᠳᠦ ᠶᠢᠨ ᠲᠥᠪ ᠦᠨ ᠡᠷᠬᠢᠯᠡᠭᠴᠢ ᠨ᠂ ᠭᠠᠩᠲᠡᠮᠦᠷ 117 ᠦᠭᠡ ᠤᠩᠰᠢᠵᠤ ᠳᠡᠳ᠋ ᠪᠠᠶᠢᠷᠢ ᠳᠤ᠂ ᠡᠷᠡᠭᠦᠯ ᠮᠡᠨᠳᠦ ᠶᠢᠨ ᠲᠥᠪ ᠶᠢᠨ ᠡᠬᠡ ᠪᠠᠷᠢᠭᠴᠢ ᠡᠮᠡᠭᠲᠡᠶᠢᠴᠦᠳ ᠦᠨ ᠡᠮᠴᠢ ᠪ ᠂ ᠳᠣᠯᠭᠣᠷᠮ᠎ᠠ 116 ᠦᠭᠡ ᠤᠩᠰᠢᠵᠤ ᠭᠤᠲᠠᠭᠠᠷ ᠪᠠᠶᠢᠷᠢ ᠳᠤ ᠣᠷᠣᠵᠠᠢ᠃ ︽ᠴᠡᠪᠡᠷ ᠰᠠᠶᠢᠬᠠᠨ ᠪᠢᠴᠢᠭᠲᠡᠨ︾ ᠢᠶᠠᠷ ᠲᠥᠷᠥ ᠶᠢᠨ ᠪᠠᠩᠬᠢᠨ ᠤ ᠠᠵᠢᠯᠲᠠᠨ ᠭ∙ᠨᠠᠨᠳᠢᠨᠴᠡᠴᠡᠭ ᠨᠢᠭᠡᠳᠦᠭᠡᠷ ᠪᠠᠶᠢᠷᠢ᠂  ᠵᠠᠰᠠᠭ ᠳᠠᠷᠤᠭ᠎ᠠ ᠶᠢᠨ ᠲᠠᠮᠠᠭ᠎ᠠ᠍ ᠶᠢᠨ ᠭᠠᠵᠠᠷ ᠤᠨ ᠣᠯᠠᠨ ᠨᠡᠶᠢᠲᠡ ᠶᠢᠨ ᠢᠨᠲᠸᠷᠨᠧᠲ ᠮᠡᠳᠡᠭᠡᠯᠡᠯ ᠦᠨ ᠠᠵᠢᠯᠲᠠᠨ ᠠ᠊∙ᠵᠣᠯᠪᠣᠭ᠎ᠠ ᠬᠣᠶᠠᠳᠤᠭᠠᠷ ᠪᠠᠶᠢᠷᠢ᠂ ᠡᠷᠡᠭᠦᠯ ᠮᠡᠨᠳᠦ ᠶᠢᠨ ᠲᠥᠪ ᠦᠨ  ᠠᠵᠢᠯᠲᠠᠨ ᠨ∙ᠬᠤᠷᠯᠤᠵᠠᠪ ᠭᠤᠷᠪᠠᠳᠤᠭᠠᠷ ᠪᠠᠶᠢᠷᠢ ᠶᠢ ᠡᠵᠡᠯᠡᠵᠦ ᠬᠠᠮᠲᠤ ᠣᠯᠠᠨ ᠢᠶᠠᠨ ᠲᠡᠷᠢᠭᠦᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2019-05-28 202.131.231.26

Computer-aas unshij baigaa humuus tolgoigoo hajuu tiish ni haruulj baij unshij taarah gd bna. bas Font ni jijig bna. Mongol bichgeer medee orj baigaa ni saishaaltai ch helber tudii zuil bgad baina. Saijruulahiig huseye.