︽ᠲᠩᠷᠢ ᠶᠢᠨ ᠨᠠᠶᠢᠵᠠ ᠨᠤᠭᠤᠳ︾ ᠨᠢᠰᠦᠯᠭᠡ ᠶᠢᠨ ᠦᠵᠡᠭᠦᠯᠦᠯᠭᠡ ᠪᠣᠯᠤᠨ᠎ᠠ | News.MN

︽ᠲᠩᠷᠢ ᠶᠢᠨ ᠨᠠᠶᠢᠵᠠ ᠨᠤᠭᠤᠳ︾ ᠨᠢᠰᠦᠯᠭᠡ ᠶᠢᠨ ᠦᠵᠡᠭᠦᠯᠦᠯᠭᠡ ᠪᠣᠯᠤᠨ᠎ᠠ

ᠨᠢᠰᠦᠯᠭᠡ ᠶᠢᠨ ᠤᠯᠠᠷᠢᠯ ᠤᠨ ᠨᠡᠭᠡᠭᠡᠯᠲᠡ ᠪᠣᠯᠭᠠᠨ ᠨᠢᠰᠦᠭᠴᠢᠳ ᠦᠨ ᠣᠷᠣᠯᠴᠠᠭ᠎ᠠ ᠶᠢ ᠨᠡᠮᠡᠭᠳᠡᠭᠦᠯᠬᠦ᠂ ᠲᠤᠷᠰᠢᠯᠭ᠎ᠠ ᠰᠤᠯᠢᠯᠴᠠᠬᠤ᠂ ᠨᠢᠭᠡᠳᠬᠦ ᠵᠣᠷᠢᠯᠭ᠎ᠠ ᠪᠠᠷ ︽ᠠᠶᠤᠯᠭᠦᠢ ᠨᠢᠰᠦᠯᠭᠡ ᠶᠢᠨ ᠰᠤᠶᠤᠯ ᠢ ᠲᠦᠭᠡᠭᠡᠬᠦ︾ ᠤᠷᠢᠶ᠎ᠠ ᠲᠠᠢ ︽Sky friends ᠊ Ulaanbaatar 5th paragliding festival︾ ᠢᠷᠡᠬᠦ ᠵᠢᠷᠭᠤᠳᠤᠭᠠᠷ ᠰᠠᠷ᠎ᠠ ᠶᠢᠨ 8 ᠍ ᠳᠦ ᠴᠣᠨᠵᠢᠨ ᠪᠣᠯᠳᠠᠭ ᠲᠤ ᠪᠠᠶᠢᠷᠢᠯᠠᠬᠤ ᠨᠢᠰᠦᠯᠭᠡ ᠶᠢᠨ ᠲᠦᠪ ᠲᠦ ᠪᠣᠯᠤᠨ᠎ᠠ ᠃ 2014 ᠣᠨ ᠠᠴᠠ ᠬᠣᠶᠢᠰᠢ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠤᠭᠳᠠᠵᠤ ᠢᠷᠡᠭᠰᠡᠨ ᠨᠢᠰᠦᠯᠭᠡ ᠶᠢᠨ ᠦᠵᠡᠭᠦᠯᠦᠯᠭᠡ ᠡᠨᠡ ᠵᠢᠯ ᠠᠭᠠᠷ ᠤᠨ ᠲᠡᠭᠡᠭᠡᠪᠦᠷᠢ ᠶᠢᠨ ᠬᠤᠯᠪᠤᠭᠠᠳ ᠂  ᠠᠭᠠᠷ  ᠤᠨ  ᠲᠡᠭᠡᠭᠡᠪᠤᠷᠢ ᠶᠢᠨ ᠺᠣᠮᠫᠠᠨᠢ ᠨᠤᠭᠤᠳ ᠲᠠᠢ ᠬᠠᠮᠲᠤᠷᠠᠨ ︽ᠲᠩᠷᠢ ᠶᠢᠨ ᠨᠠᠶᠢᠵᠠ ᠨᠤᠭᠤᠳ︾ ᠨᠡᠷ᠎ᠡ ᠲᠡᠢ ᠪᠡᠷ ᠵᠣᠬᠢᠶᠠᠨ ᠪᠠᠶᠢᠭᠤᠯᠤᠭᠳᠠᠬᠤ ᠪᠠᠷ ᠪᠣᠯᠵᠠᠢ᠃
ᠡᠨᠡ ᠬᠦ ᠨᠢᠰᠦᠯᠭᠡ ᠶᠢᠨ ᠦᠵᠡᠭᠦᠯᠦᠯᠭᠡ ᠶᠢ ᠮᠣᠩᠭᠣᠯ ᠤᠨ ᠰᠢᠬᠦᠷ ᠦᠨ ᠰᠫᠣᠷᠲ ᠤᠨ ᠨᠡᠶᠢᠭᠡᠮᠯᠢᠭ᠂ ᠮᠣᠩᠭᠣᠯ ᠤᠨ ᠠᠭᠠᠷ ᠤᠨ ᠰᠫᠣᠷᠲ ᠤᠨ ᠬᠣᠯᠪᠣᠭ᠎ᠠ ᠪᠣᠯᠤᠨ ᠶᠡᠷᠦᠩᠬᠡᠢ ᠵᠣᠷᠢᠭᠤᠯᠤᠯᠲᠠ ᠶᠢᠨ ᠠᠭᠠᠷ ᠤᠨ ᠲᠡᠭᠡᠭᠡᠪᠦᠷᠢ ᠶᠢᠨ ᠬᠣᠯᠪᠣᠭ᠎ᠠ᠂ Young Eagle general aviation᠂ Paragliding club Mongolia᠂ ᠨᠢᠰᠦᠯᠭᠡ ᠲᠥᠪ ᠬᠠᠮᠲᠤᠷᠠᠨ ᠵᠣᠬᠢᠶᠠᠨ ᠪᠠᠶᠢᠭᠤᠯᠤᠭᠴᠢ ᠪᠠᠷ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ